ᠬᠦᠰᠡᠯ ᠤᠨ ᠴᠡᠩᠬᠡᠷ ᠵᠡᠭᠦᠳᠦ ᠮᠠᠨᠠᠭᠰᠠᠨ ᠬᠤᠯᠠ ᠶᠢᠨ ᠲᠡᠷᠭᠡᠯ ᠬᠥᠳᠡᠭᠡ
ᠨᠡᠶᠢᠲᠡᠯᠡᠭᠰᠡᠨ ᠴᠠᠭ᠄
2024/7/8
    ᠮᠠᠷᠲᠠᠭᠳᠠᠰᠢ ᠦᠭᠡᠢ 2020︕ ᠬᠦᠰᠡᠯ ᠳᠦᠭᠦᠷᠡᠩ 2021︕     2020 ᠣᠨ ᠶᠡᠷᠦ ᠪᠤᠰᠤ ᠶᠢᠨ ᠪᠣᠯᠬᠤᠷ ᠮᠠᠷᠲᠠᠭᠳᠠᠰᠢ ᠦᠭᠡᠢ︕         2021 ᠣᠨ ᠬᠠᠷᠠᠯᠲᠠ ᠲᠥᠯᠥᠪᠯᠡᠭᠡ ᠲᠣᠳᠣᠷᠬᠠᠢ ᠪᠣᠯᠬᠤᠷ ᠬᠦᠰᠡᠯ ᠳᠦᠭᠦᠷᠡᠩ︕         ᠲᠥᠪ ᠤᠨ ᠬᠥᠳᠡᠭᠡ ᠲᠤᠰᠬᠤᠨ ᠤ ᠠᠵᠢᠯ ᠤᠨ ᠬᠤᠷᠠᠯ ᠳᠡᠭᠡᠷ᠎ᠡ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ᠂ ︽ᠬᠥᠳᠡᠭᠡ ᠠᠵᠤ ᠠᠬᠤᠢ ᠬᠥᠳᠡᠭᠡ ᠲᠤᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭᠲᠠᠢ ᠪᠠᠶᠢᠬᠤ᠂ ᠬᠥᠳᠡᠭᠡ ᠲᠤᠰᠬᠤᠨ ᠤ ᠣᠷᠣᠰᠢᠨ ᠠᠮᠢᠳᠤᠷᠠᠬᠤ ᠳᠤ ᠲᠠᠭᠠᠯᠠᠮᠵᠢᠲᠠᠢ ᠪᠠᠶᠢᠬᠤ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠᠶᠢᠬᠤ᠂ ᠲᠠᠷᠢᠶᠠᠴᠢᠳ ᠤᠨ ᠴᠢᠨᠡᠭᠡᠯᠢᠭ ᠪᠠᠶᠠᠨ ᠲᠠᠩᠰᠤᠭ ᠪᠠᠶᠢᠬᠤ ᠶᠢ ᠠᠬᠢᠭᠤᠯᠬᠤ ᠬᠡᠷᠡᠭᠲᠡᠢ ᠭᠡᠵᠡᠢ᠃ ᠡᠨᠡ ᠬᠦ ᠭᠤᠣᠯ ᠰᠡᠳᠦᠪ ᠤᠨ ᠢᠶᠠᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠵᠦ᠂ ᠥᠩᠭᠡᠷᠡᠭᠰᠡᠨ ᠢᠶᠠᠨ ᠳ᠋ᠦᠩᠨᠡᠨ᠂ ᠢᠷᠡᠭᠡᠳᠦᠢ ᠪᠠᠨ ᠪᠠᠷᠠᠯᠠᠵᠤ᠂ ᠬᠠᠷᠠᠯᠲᠠ ᠲᠥᠰᠥᠪ ᠲᠣᠭᠲᠠᠭᠠᠨ᠂ ᠨᠠᠷᠢᠯᠢᠭ ᠪᠣᠳᠠᠲᠠᠢ ᠪᠠᠶᠢᠷᠢᠯᠠᠭᠤᠯᠤᠯᠲᠠ ᠬᠢᠵᠦ᠂ ᠬᠥᠳᠡᠭᠡ ᠠᠵᠤ ᠠᠬᠤᠢ ᠶᠢᠨ ᠬᠥᠭᠵᠢᠯ ᠴᠡᠴᠡᠭᠯᠡᠯ᠂ ᠬᠥᠳᠡᠭᠡ ᠲᠤᠰᠬᠤᠨ ᠤ ᠡᠰᠡᠨᠢᠯ ᠮᠠᠨᠳᠤᠯ᠂ ᠬᠥᠮᠥᠨ ᠠᠷᠠᠳ ᠤᠨ ᠵᠣᠯ ᠵᠢᠷᠭᠠᠯ ᠤᠨ ᠰᠢᠨ᠎ᠡ ᠳᠡᠭᠲᠡᠷ ᠲᠤ ᠠᠬᠢᠬᠤ ᠳᠤ ᠠᠶᠠᠨ ᠤ ᠴᠠᠮᠬᠠᠭ ᠪᠣᠯᠵᠠᠢ᠃         ᠢᠩᠭᠢᠬᠦ ᠪᠠᠷ ᠢᠶᠠᠨ ᠥᠩᠭᠡᠷᠡᠭᠰᠡᠨ ᠨᠢᠭᠡ ᠵᠢᠯ ᠤᠨ ᠤᠯᠠᠨ ᠠᠷᠪᠢᠨ ᠬᠦᠴᠢᠷ ᠵᠦᠳᠡᠭᠦᠷᠢ ᠶᠢ ᠲᠤᠭᠤᠯᠵᠤ ᠢᠷᠡᠭᠰᠡᠨ ᠬᠥᠮᠥᠨ ᠠᠷᠠᠳ ᠲᠤ ᠮᠣᠷᠢᠯᠠᠨ ᠰᠠᠭᠠᠲᠠᠭ᠎ᠠ ᠰᠢᠨ᠎ᠡ ᠵᠢᠯ ᠨᠢ ᠨᠡᠩ ᠴᠦ ᠬᠦᠰᠡᠯ ᠳᠦᠭᠦᠷᠡᠩ ᠰᠠᠨᠠᠭᠳᠠᠵᠤ᠂ ᠤᠷᠮ᠎ᠠ ᠵᠣᠷᠢᠭ ᠨᠢ ᠡᠷᠴᠢᠯᠡᠭᠳᠡᠨ᠎ᠡ᠃         ᠣᠨ ᠴᠠᠭ ᠤᠨ ᠣᠷᠴᠢᠯ ᠤᠨ ᠵᠢᠮ᠎ᠡ ᠪᠠᠷ 2020 ᠣᠨ ᠲᠣᠭᠤᠰᠣᠲᠤ ᠶᠢᠷᠲᠢᠨᠴᠦ ᠶᠢᠨ ᠡᠷᠢᠶᠡᠨ ᠪᠠᠷᠠᠭᠠᠨ᠂ ᠪᠠᠶᠠᠷ ᠭᠤᠨᠢᠭ᠂ ᠵᠢᠷᠭᠠᠯ ᠵᠤᠪᠠᠯᠠᠩ ᠪᠦᠬᠦᠨ ᠢ ᠬᠠᠮᠤᠭᠠᠳ ᠡᠷᠭᠢᠵᠦ ᠪᠤᠴᠠᠰᠢ ᠦᠭᠡᠢ ᠤᠳᠤᠯ᠎ᠠ᠃ 2021 ᠣᠨ ᠨᠢᠭᠡᠨᠲᠡ ᠤᠶᠠᠭᠠᠨ ᠳᠤ ᠪᠠᠭᠤᠵᠤ᠂ ᠪᠢᠳᠡ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦ ᠳᠤ᠂ ᠬᠠᠲᠠᠭᠤ ᠰᠢᠯᠭᠠᠯᠲᠠ ᠰᠢᠨᠳᠠᠰᠤ ᠰᠢᠯᠭᠠᠭᠰᠠᠨ ᠪᠡᠷᠬᠡᠰᠢᠶᠡᠯᠲᠦ ᠮᠥᠴᠡ᠂ ᠠᠮᠢ  ᠨᠠᠰᠤ ᠪᠠᠷ ᠢᠶᠠᠨ  ᠬᠠᠷᠢᠭᠤᠯᠲᠠ  ᠥᠭᠭᠦᠭᠰᠡᠨ  ᠨᠠᠨᠳᠢᠨ   ᠵᠢᠳᠬᠦᠯ᠂ ᠡᠷᠡᠰ ᠪᠠᠲᠤ ᠤᠷᠤᠭᠰᠢ ᠵᠢᠳᠬᠦᠬᠦ ᠰᠡᠳᠬᠢᠯ ᠤᠨ ᠲᠠᠮᠢᠷ᠂ ᠬᠦᠴᠢᠷ ᠢ ᠰᠥᠷᠦᠨ ᠬᠥᠭᠵᠢᠯᠲᠡ ᠪᠠᠨ ᠪᠢᠴᠢᠭᠯᠡᠭᠰᠡᠨ ᠢᠷᠠᠭᠤ ᠲᠤᠤᠯᠢᠰ ᠶᠡᠷᠦ ᠪᠤᠰᠤ ᠶᠢᠨ ᠨᠢᠭᠡ ᠵᠢᠯ ᠤᠨ ᠪᠦᠳᠦᠭᠦᠪᠴᠢ ᠬᠤᠷᠢᠶᠠᠩᠭᠤᠶᠢᠯᠠᠯ ᠪᠣᠯᠵᠤ ᠲᠡᠦᠬᠡ ᠶᠢᠨ ᠬᠠᠭᠤᠳᠠᠰᠤᠨ᠎ᠠ ᠮᠥᠩᠬᠡᠯᠡᠭᠳᠡᠨ᠎ᠡ᠃         ᠬᠤᠳᠠ ᠶᠢᠨ ᠬᠠᠭᠠᠯᠭ᠎ᠠ ᠪᠠᠨ ᠪᠢᠲᠡᠭᠦᠮᠵᠢᠯᠡᠵᠦ ᠬᠢᠵᠢᠭ ᠡᠪᠡᠳᠴᠢᠨ ᠲᠠᠢ ᠲᠡᠮᠡᠴᠡᠭᠰᠡᠨ ᠬᠦᠴᠢᠷᠳᠡᠯᠲᠦ ᠪᠠᠶᠢᠳᠠᠯ ᠳᠣᠣᠷ᠎ᠠ ᠴᠦ᠂ ᠨᠠᠮ ᠪᠣᠯᠣᠨ ᠤᠯᠤᠰ ᠠᠴᠠ ᠪᠦᠬᠦ ᠤᠯᠤᠰ ᠳᠠᠶᠠᠭᠠᠷ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ᠂ ᠡᠮᠬᠢ ᠵᠢᠷᠤᠮ ᠲᠠᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠶᠡᠷᠦ ᠠᠴᠠ ᠤᠮᠠᠷᠲᠠᠭ᠎ᠠ ᠦᠭᠡᠢ᠃ ᠥᠪᠡᠷ ᠤᠨ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠷᠢᠬᠤ ᠴᠢᠩᠭ᠎ᠠ ᠬᠦᠰᠡᠯ ᠵᠣᠷᠢᠯᠲᠠ ᠳᠣᠣᠷ᠎ᠠ᠂ ᠪᠦᠬᠦ ᠤᠯᠤᠰ ᠳᠠᠶᠠᠭᠠᠷ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠮᠬᠢ ᠵᠢᠷᠤᠮ ᠲᠠᠢ ᠥᠷᠨᠢᠯ᠎ᠡ᠃ ᠪᠦᠬᠦ ᠤᠯᠤᠰ ᠤᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠥᠪᠥᠷ ᠮᠣᠩᠭᠤᠯ ᠣᠷᠣᠨ ᠮᠠᠨᠢ ᠬᠢᠵᠢᠭ ᠤᠨ ᠬᠤᠭᠤᠴᠠᠭᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠡᠪᠦᠯ ᠬᠠᠪᠤᠷ ᠤᠨ ᠲᠥᠯ ᠲᠤᠰᠴᠤ ᠪᠣᠶᠢᠵᠢᠭᠤᠯᠬᠤ ᠠᠵᠢᠯ ᠢᠶᠠᠨ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠷᠢᠯᠠᠭᠤᠯᠤᠨ᠂ ᠴᠢᠩᠭ᠎ᠠ ᠰᠠᠶᠢᠲᠤᠷ ᠠᠳᠬᠤᠵᠤ᠂ ᠲᠠᠷᠢᠶ᠎ᠠ ᠲᠥᠮᠥᠰᠥ ᠡᠯᠪᠡᠭ ᠬᠤᠷᠢᠶᠠᠯᠲᠠ ᠣᠯᠵᠤ᠂ ᠲᠠᠪᠤᠨ ᠬᠤᠰᠢᠭᠤ ᠮᠠᠯ ᠲᠣᠷᠨᠢᠭᠤᠨ ᠥᠰᠬᠦ ᠶᠢᠨ ᠰᠠᠭᠤᠷᠢ ᠶᠢ ᠲᠠᠯᠪᠢᠯ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠡᠶᠢᠲᠡᠯᠡᠭᠰᠡᠨ ᠢᠶᠠᠷ᠂ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠠᠬᠢᠨᠲᠠ ᠡᠯᠪᠡᠭ ᠬᠤᠷᠢᠶᠠᠯᠲᠠ ᠣᠯᠵᠤ᠂ ᠶᠡᠷᠦᠩᠬᠡᠢ ᠤᠨᠠᠯᠳᠠ ᠨᠢ 732.8 ᠳ᠋ᠦᠩᠰᠢᠭᠤᠷ ᠵᠢᠩ ᠳᠤ ᠬᠦᠷᠴᠦ᠂ ᠨᠢᠳᠤᠨᠤᠨ ᠵᠢᠯ ᠤᠨ  ᠬᠢ ᠠᠴᠠ 2.3 ᠳ᠋ᠦᠩᠰᠢᠭᠤᠷ ᠵᠢᠩ ᠨᠡᠮᠡᠭᠳᠡᠵᠡᠢ᠃ ᠠᠮᠤ ᠪᠤᠳᠠᠭᠠᠨ ᠤ ᠤᠨᠠᠯᠳᠠ 3 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ︽ᠠᠷᠪᠠᠨ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ︾᠂ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠮᠠᠯ ᠠᠵᠤ ᠠᠬᠤᠢ ︽ᠠᠷᠪᠠᠨ ᠵᠢᠷᠭᠤᠭᠠᠨ ᠵᠢᠯ ᠳᠠᠷᠠᠭᠠᠯᠠᠨ ᠲᠣᠭᠲᠠᠭᠤᠨ ᠪᠠᠶᠢᠬᠤ ᠶᠢ ᠪᠡᠶᠡᠯᠡᠭᠦᠯᠵᠦ︾᠂ ᠮᠠᠯ ᠵᠢᠭᠦᠷᠲᠡᠨ ᠤ ᠡᠭᠦᠯᠳᠡᠷ ᠰᠠᠶᠢᠵᠢᠷᠠᠭᠤᠯᠤᠭᠰᠠᠨ ᠨᠤᠷᠮ᠎ᠠ 95% ᠶᠢ ᠳᠠᠪᠠᠪᠠ᠃ ᠮᠠᠨ ᠤ ᠣᠷᠣᠨ ᠤ ᠣᠷᠭᠠᠨᠢᠭ ᠢᠳᠡᠭᠡᠨ ᠤ ᠭᠠᠷᠤᠯᠲᠠ ᠪᠦᠬᠦ ᠤᠯᠤᠰ ᠤᠨ 1\3 ᠶᠢ ᠡᠵᠡᠯᠡᠵᠦ᠂ ᠬᠤᠨᠢᠨ ᠮᠢᠬᠠᠨ ᠤ ᠭᠠᠷᠤᠯᠲᠠ ᠪᠠᠷ ᠪᠦᠬᠦ ᠤᠯᠤᠰ ᠤᠨ ᠴᠤᠷ ᠤᠨ ᠭᠠᠭᠴᠠ ᠵᠠᠭᠤᠨ ᠲᠦᠮᠡᠨ ᠲᠤᠨ ᠢ ᠳᠠᠪᠠᠭᠰᠠᠨ ᠮᠤᠵᠢ ᠣᠷᠣᠨ ᠪᠣᠯᠵᠤ᠂ ᠵᠢᠯ ᠤᠨ ᠦᠢᠯᠡᠳᠬᠦᠨ ᠤ ᠦᠷᠳᠡᠭ ᠨᠢ 800 ᠳ᠋ᠦᠩᠰᠢᠭᠤᠷ ᠲᠥᠭᠦᠷᠢᠭ ᠢ ᠳᠠᠪᠠᠵᠤ ᠪᠠᠶᠢᠨ᠎ᠠ᠃ ᠰᠠᠭᠠᠯᠢ ᠶᠢᠨ ᠦᠨᠢᠶ᠎ᠡ᠂ ᠦᠨᠢᠶᠡᠨ ᠰᠦ ᠶᠢᠨ ᠭᠠᠷᠤᠯᠲᠠ ᠵᠢᠴᠢ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠴᠥᠮ ᠪᠦᠬᠦ ᠤᠯᠤᠰ ᠲᠤ ᠲᠦᠷᠦᠭᠦᠯᠡᠵᠦ ᠪᠤᠢ ᠁        ᠰᠢᠨ᠎ᠡ ᠣᠨ ᠤ ᠠᠯᠬᠤᠭ᠎ᠠ ᠶᠢ ᠳᠠᠭᠠᠯᠳᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠰᠢᠭᠡ ᠨᠡᠭᠡᠭᠡᠭᠳᠡᠯ᠎ᠡ᠃ ᠡᠨᠡ ᠬᠦ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠪᠣᠯᠣᠨ᠎ᠠ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠴᠤ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠰᠢᠨ᠎ᠡ ᠠᠶᠠᠨ ᠳᠠᠭᠠᠨ ᠮᠣᠷᠳᠠᠬᠤ ᠪᠣᠯᠣᠨ᠎ᠠ᠂ ᠡᠨᠡ ᠨᠢ ᠪᠢᠳᠡᠨ ᠤ ᠠᠵᠢᠯ ᠦᠢᠯᠡᠰ ᠢᠶᠠᠨ ᠳᠡᠭᠡᠳᠦᠯᠡᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠣᠳᠠᠲᠠᠢ ᠶᠢ ᠡᠷᠬᠢᠮᠯᠡᠨ ᠬᠤᠪᠢᠷᠠᠯᠲᠠ ᠶᠢ ᠡᠷᠢᠯᠬᠢᠯᠡᠵᠦ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠤᠷᠤᠭᠰᠢᠯᠠᠨ ᠳᠠᠪᠰᠢᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ ᠭᠡᠬᠦ ᠲᠤᠯᠭᠠᠮ᠎ᠠ  ᠰᠡᠳᠬᠢᠯᠭᠡ᠂ ᠪᠢ ᠦᠷᠡᠭᠳᠡᠬᠦ ᠦᠭᠡᠢ ᠬᠡᠨ ᠦᠷᠡᠭᠳᠡᠬᠦ ᠪᠤᠢ ᠭᠡᠬᠦ ᠡᠭᠦᠷᠭᠡᠲᠦ ᠰᠡᠳᠬᠢᠯᠭᠡ ᠪᠠᠷ᠂ ᠬᠠᠷᠢᠭᠤᠴᠠᠯᠭ᠎ᠠ ᠪᠠᠨ ᠴᠢᠩᠭᠠᠳᠬᠠᠵᠤ᠂ ᠴᠥᠬᠦᠷᠡᠰᠢ ᠦᠭᠡᠢ ᠴᠢᠷᠮᠠᠶᠢᠨ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠬᠦ ᠦᠷ᠎ᠡ ᠪᠦᠲᠦᠮᠵᠢ ᠭᠠᠷᠭᠠᠵᠤ᠂ ᠡᠮᠦᠨ᠎ᠡ ᠡᠩᠨᠡᠭᠡᠨ ᠳᠤ ᠬᠤᠰᠢᠭᠤᠷᠠᠪᠠᠯ ᠵᠣᠬᠢᠨ᠎ᠠ᠃     ᠬᠦᠰᠡᠯ ᠤᠨ ᠴᠡᠩᠬᠡᠷ ᠵᠡᠭᠦᠳᠦ ᠮᠠᠨᠠᠭᠰᠠᠨ ᠬᠤᠯᠠ ᠶᠢᠨ ᠲᠡᠷᠭᠡᠯ ᠬᠥᠳᠡᠭᠡ ᠲᠠ ᠪᠢᠳᠡᠨ ᠤ ᠭᠤᠶᠠᠴᠢ ᠦᠭᠡᠢ ᠵᠢᠳᠬᠦᠯ᠂ ᠰᠢᠨᠲᠠᠷᠠᠰᠢ ᠦᠭᠡᠢ ᠴᠢᠷᠮᠠᠶᠢᠯᠭ᠎ᠠ ᠶᠢ ᠬᠦᠰᠡᠨ ᠬᠦᠯᠢᠶᠡᠩᠭᠡᠨ ᠪᠠᠶᠢᠨ᠎ᠠ᠂ ᠠᠶᠠᠨ ᠳᠠᠭᠠᠨ ᠮᠣᠷᠳᠠᠶ᠎ᠠ ᠬᠠᠮᠲᠤ ᠪᠠᠷ︕
 
ᠢᠷᠡᠯᠲᠡ᠄ ᠲᠣᠮᠳᠠᠳᠣ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号