ᠬᠠᠤᠯᠢ ᠴᠠᠭᠠᠵᠠ ᠶᠢᠨ ᠳᠤᠪᠴᠢᠶ᠎ᠠ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/7/8
    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠳᠠᠭᠠᠭᠠᠨ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠭᠤᠷᠪᠠ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠳᠥᠷᠪᠡ︶ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ .     ︵ᠲᠠᠪᠤ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠤᠲᠠ ᠬᠥᠳᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ ᠪᠠ ᠪᠠᠶᠢᠷᠢᠯᠠᠭᠤᠯᠬᠤ ᠶᠢ ᠬᠠᠷᠢᠭᠤᠴᠠᠨ᠎ᠠ᠃     ︵ᠵᠢᠷᠭᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃     ︵ᠳᠣᠯᠤᠭ᠎ᠠ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠦᠨ ᠵᠣᠬᠢᠴᠠᠭᠤᠯᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃     ︵ᠨᠠᠢᠮᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠡᠷᠡᠭᠵᠢᠭᠦᠯᠦᠨ᠎ᠡ᠃     ︵ᠶᠢᠰᠦ︶ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号