ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹ 2023 ︺ 22 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ | ᠵᠠᠰᠠᠯᠲᠠ ᠶᠢᠨ ᠠᠵᠢᠯ ᠤᠨ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 2 ᠳ᠋ᠤᠭᠠᠷ ᠰᠠᠷ᠎ᠠ ᠶᠢᠨ 26 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ | ᠠᠵᠢᠯ ᠤᠨ ᠲᠥᠰᠥᠯ | ︽ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ | ︹ 2022︺ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠨᠡᠩ ᠥᠨᠳᠥᠷ ᠪᠠᠷᠢᠮᠵᠢᠶ᠎ᠠ ᠪᠠᠷ ᠭᠦᠨᠵᠡᠭᠡᠢ | ᠰᠠᠶᠢᠲᠤᠷ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ | ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2023 ᠣᠨ ᠪᠣᠯᠬᠤ ᠳᠤ᠂ ᠪᠥᠬᠦ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ | ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ | ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠶᠢᠨ ᠪᠠᠶᠢᠳᠠᠯ ᠢ ᠦᠨᠳᠦᠰᠦᠨ ᠳᠤ ᠪᠠᠨ ᠣᠶᠢᠯᠠᠭᠠᠨ | ᠲᠣᠳᠣᠯᠠᠵᠤ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ᠂ | ᠭᠤᠣᠯᠳᠠᠯᠭ᠎ᠠ ᠲᠠᠢ ᠠᠵᠤ ᠠᠬᠤᠶᠢᠯᠠᠯ ᠢ ᠲᠣᠳᠣᠷᠬᠠᠢ ᠲᠣᠭᠲᠠᠭᠠᠨ᠎ᠠ᠃ 2025 ᠣᠨ ᠪᠣᠯᠬᠤ ᠳᠤ᠂ ᠠᠩᠬᠠᠷᠤᠯ ᠳᠤ | ᠶᠡᠬᠡᠳᠡ ᠬᠥᠷᠥᠭᠰᠡᠨ᠂ ᠦᠢᠯᠡᠳᠪᠦᠷᠢᠯᠡᠬᠦ ︵ᠬᠡᠷᠡᠭᠯᠡᠭᠡ︶ ᠬᠡᠮᠵᠢᠶ᠎ᠡ ᠶᠡᠬᠡᠲᠡᠢ ᠬᠢᠮᠢ ᠶᠢᠨ ᠪᠣᠳᠠᠰ ᠤᠨ ᠣᠷᠴᠢᠨ | ᠲᠣᠭᠤᠷᠢᠨ ᠤ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ | ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ | ᠪᠠᠶᠢᠭ᠎ᠠ ᠰᠢᠨ᠎ᠡ ᠪᠣᠬᠢᠷᠲᠤᠯ ᠪᠣᠳᠠᠰ ᠢ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ | ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ | ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠯ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ | ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ | ᠵᠠᠰᠠᠯᠲᠠ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠠᠵᠢᠯᠯᠠᠬᠤ ᠠᠷᠭ᠎ᠠ ᠠᠪᠴᠠᠯ | ︵ᠨᠢᠭᠡ︶ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠯᠲᠠ ᠬᠢᠨᠠᠨ ᠬᠡᠮᠵᠢᠯᠲᠡ ᠪᠠ ᠣᠷᠴᠢᠨ ᠲᠣᠭᠤᠷᠢᠨ ᠤ | ᠲᠦᠭᠰᠢᠭᠦᠷᠢ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ | 1. ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠮᠡᠳᠡᠭᠡ | ᠵᠠᠩᠭᠢ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ | ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠠᠵᠢᠯ | ᠲᠥᠷᠥᠯ ᠳᠠᠬᠢ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠭᠡᠨ ᠤ ᠲᠥᠷᠥᠯ ᠵᠦᠢᠯ᠂ ᠲᠤᠭ᠎ᠠ | ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢᠨ ᠪᠠᠶᠢᠴᠠᠭᠠᠯᠲᠠ ᠶᠢ ᠱᠠᠲᠤ ᠬᠤᠪᠢᠶᠠᠨ ᠥᠷᠨᠢᠭᠦᠯᠦᠨ᠎ᠡ᠃ | ᠪᠠᠶᠢᠴᠠᠭᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ᠂ ᠤᠯᠤᠰ ᠤᠨ ᠣᠷᠴᠢᠨ ᠲᠣᠭᠤᠷᠢᠨ ᠤ ᠲᠦᠭᠰᠢᠭᠦᠷᠢ ᠶᠢ | ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠳᠤ ᠵᠢᠭᠰᠠᠭᠠᠭᠳᠠᠭᠰᠠᠨ ᠬᠢᠮᠢ ᠶᠢᠨ ᠪᠣᠳᠠᠰ ᠲᠤ ᠬᠤᠯᠪᠣᠭᠳᠠᠯ ᠪᠦᠬᠦᠢ | ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠲᠤᠭ᠎ᠠ | ᠬᠡᠮᠵᠢᠶ᠎ᠡ ᠵᠢᠴᠢ ᠠᠷᠭ᠎ᠠ ᠵᠠᠮ᠂ ᠬᠤᠣᠷ ᠬᠥᠨᠥᠭᠡᠯ ᠤᠨ ᠣᠨᠴᠠᠭᠠᠢ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ | ᠠᠵᠤ ᠠᠬᠤᠶᠢᠯᠠᠯ ᠤᠨ ᠲᠠᠷᠬᠠᠯᠲᠠ ᠶᠢᠨ ᠪᠠᠶᠢᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ | ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ ᠤ ᠡᠴᠦᠰ ᠠᠴᠠ ᠡᠮᠦᠨ᠎ᠡ᠂ ᠬᠢᠮᠢ ᠶᠢᠨ ᠪᠣᠳᠠᠰ ᠤᠨ | ᠦᠨᠳᠦᠰᠦᠨ ᠮᠡᠳᠡᠭᠡ ᠵᠠᠩᠭᠢ ᠶᠢᠨ ᠲᠡᠷᠢᠭᠦᠨ ᠡᠭᠡᠯᠵᠢ ᠶᠢᠨ ᠪᠠᠶᠢᠴᠠᠭᠠᠯᠲᠠ ᠶᠢ ᠪᠡᠶᠡᠯᠡᠭᠦᠯᠦᠨ᠎ᠡ︔ ᠠᠮᠢ ᠠᠬᠤᠢ | ᠣᠷᠴᠢᠨ ᠲᠣᠭᠤᠷᠢᠨ ᠤ ᠶᠠᠮᠤᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ | ᠳᠠᠷᠤᠮᠠᠯᠯᠠᠨ ᠲᠠᠷᠬᠠᠭᠠᠭᠰᠠᠨ ︽ᠨᠢᠭᠡᠳᠦᠭᠡᠷ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ | ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ︾ ᠳᠤ ᠵᠢᠭᠰᠠᠭᠠᠭᠳᠠᠭᠰᠠᠨ 20 ᠵᠦᠢᠯ ᠤᠨ ᠬᠢᠮᠢ ᠶᠢᠨ ᠪᠣᠳᠠᠰ ᠲᠤ | ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠠᠷᠢᠨ ᠲᠣᠳᠣᠷᠬᠠᠢ ᠮᠡᠳᠡᠭᠡ ᠵᠠᠩᠭᠢ ᠶᠢᠨ | ᠪᠠᠶᠢᠴᠠᠭᠠᠯᠲᠠ ᠶᠢ ᠪᠡᠶᠡᠯᠡᠭᠦᠯᠵᠦ᠂ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠤᠣᠷ ᠬᠥᠨᠥᠭᠡᠯ ᠲᠠᠢ | ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢ ᠪᠦᠷ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ | ᠴᠢᠬᠤᠯᠠᠲᠠᠢ ᠪᠣᠯᠬᠤᠷ ᠳᠠᠬᠢᠨ ᠵᠢᠭᠰᠠᠭᠠᠬᠤ ᠦᠭᠡᠢ︶ | 2. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠣᠷᠴᠢᠨ | ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ | ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠣᠳᠣ | ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ ᠭᠦᠢᠴᠡᠳ ᠠᠰᠢᠭᠯᠠᠵᠤ᠂ | ᠬᠠᠳᠤᠨ ᠭᠤᠣᠯ ᠤᠨ ᠰᠠᠪᠠ ᠭᠠᠵᠠᠷ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ | ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠨᠡᠶᠢᠲᠡᠯᠢᠭ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ | ᠦᠢᠯᠡᠳᠪᠦᠷᠢ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠪᠤᠵᠠᠷ ᠤᠰᠤ ᠶᠢ ᠰᠢᠢᠳᠪᠦᠷᠢᠯᠡᠬᠦ᠂ ᠬᠤᠭ | ᠨᠣᠪᠰᠢ ᠶᠢ ᠰᠢᠲᠠᠭᠠᠬᠤ᠂ ᠠᠶᠤᠯ ᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠨ ᠠᠰᠢᠭᠯᠠᠬᠤ ᠵᠡᠷᠭᠡ ᠭᠤᠣᠯᠳᠠᠯᠭ᠎ᠠ ᠲᠠᠢ | ᠠᠵᠤ ᠠᠬᠤᠶᠢᠯᠠᠯ ᠳᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ | ᠲᠤᠷᠰᠢᠯᠲᠠ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ | ᠬᠡᠮᠵᠢᠯᠲᠡ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | 3. ᠭᠤᠣᠯᠳᠠᠯᠭ᠎ᠠ ᠲᠠᠢ ᠬᠢᠮᠢ ᠶᠢᠨ ᠪᠣᠳᠠᠰ ᠲᠤ ᠴᠢᠭᠯᠡᠭᠦᠯᠦᠨ᠂ ᠣᠷᠴᠢᠨ ᠲᠣᠭᠤᠷᠢᠨ ᠤ ᠲᠦᠭᠰᠢᠭᠦᠷᠢ ᠶᠢᠨ | ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ | ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠶᠣᠰᠣᠭᠠᠷ᠂ ᠪᠥᠬᠦ ᠣᠷᠣᠨ ᠤ ᠠᠵᠤ ᠦᠢᠯᠡᠰ ᠤᠨ | ᠪᠦᠲᠦᠴᠡ ᠶᠢᠨ ᠣᠨᠴᠠᠯᠢᠭ ᠲᠠᠢ ᠤᠶᠠᠯᠳᠤᠭᠤᠯᠤᠨ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ | ︵ᠬᠡᠷᠡᠭᠯᠡᠭᠡ︶ ᠬᠡᠮᠵᠢᠶ᠎ᠡ ᠶᠡᠬᠡᠲᠡᠢ᠂ ᠣᠷᠴᠢᠨ ᠲᠣᠭᠤᠷᠢᠨ ᠤ ᠪᠠᠶᠢᠴᠠᠭᠠᠨ ᠭᠠᠷᠭᠠᠬᠤ ᠲᠣᠬᠢᠶᠠᠯᠳᠤᠮᠵᠢ ᠥᠨᠳᠥᠷ᠂ ᠲᠠᠷᠠᠬᠠᠢ | ᠮᠠᠶ᠋ᠢᠭ ᠤᠨ ᠬᠡᠷᠡᠭᠴᠡᠭᠡ ᠲᠠᠢ ᠬᠢᠮᠢ ᠶᠢᠨ ᠪᠣᠳᠠᠰ ᠢᠶᠠᠷ ᠭᠤᠣᠯᠳᠠᠯᠭ᠎ᠠ ᠪᠣᠯᠭᠠᠵᠤ᠂ ᠣᠷᠴᠢᠨ ᠲᠣᠭᠤᠷᠢᠨ ᠬᠢᠭᠡᠳ ᠡᠷᠡᠭᠦᠯ | ᠮᠡᠨᠳᠦ ᠶᠢᠨ ᠬᠤᠣᠷ ᠬᠥᠨᠥᠭᠡᠯ ᠤᠨ ᠲᠤᠷᠰᠢᠯᠲᠠ ᠪᠠ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠶᠢ ᠥᠷᠨᠢᠭᠦᠯᠵᠦ᠂ | ᠪᠥᠬᠦ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ | ᠴᠢᠭᠢᠷᠠᠭ ᠢ ᠬᠤᠬᠢᠷᠠᠭᠤᠯᠬᠤ᠂ ᠣᠷᠴᠢᠨ ᠲᠣᠭᠤᠷᠢᠨ ᠤ ᠲᠦᠭᠰᠢᠭᠦᠷᠢ ᠪᠠᠷ ᠨᠡᠯᠢᠶᠡᠳ ᠶᠡᠭᠡ ᠬᠤᠣᠷ ᠬᠥᠨᠥᠭᠡᠯᠳᠦ | ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠰᠢᠨ᠎ᠡ ᠪᠣᠬᠢᠷᠲᠤᠯ ᠪᠣᠳᠠᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠥᠬᠦᠪᠦᠷᠢ ᠲᠣᠳᠣᠷᠬᠠᠢ ᠬᠠᠭᠤᠳᠠᠰᠤ ᠶᠢ ᠲᠣᠭᠲᠠᠭᠠᠨ᠎ᠠ᠃ ᠤᠷᠢᠳ ᠢᠶᠠᠷ | ᠡᠵᠡᠮᠳᠡᠵᠦ ᠪᠦᠬᠦᠢ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠥᠦ ᠵᠡᠷᠭᠡ ᠭᠤᠣᠯᠳᠠᠯᠭ᠎ᠠ ᠲᠠᠢ | ᠰᠢᠨ᠎ᠡ ᠪᠣᠬᠢᠷᠲᠤᠯ ᠪᠣᠳᠠᠰ ᠲᠠᠬᠢ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ︽ᠨᠢᠭᠡ | ᠪᠣᠳᠠᠰ ᠲᠤ ᠨᠢᠭᠡ ᠠᠷᠭ᠎ᠠ ᠪᠣᠳᠣᠯᠭ᠎ᠠ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠤᠯᠤᠰ ᠠᠴᠠ ᠨᠡᠶᠢᠲᠡᠯᠡᠭᠰᠡᠨ ︽ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ | ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠲᠣᠳᠣᠷᠬᠠᠢ | ᠬᠠᠭᠤᠳᠠᠰᠤᠨ ᠳᠤ ᠵᠢᠭᠰᠠᠭᠠᠭᠳᠠᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ | ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ | ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠪᠥᠬᠦ ᠣᠷᠣᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ | ᠪᠣᠬᠢᠷᠲᠤᠯ ᠪᠣᠳᠠᠰ ᠤᠨ ᠨᠥᠬᠦᠪᠦᠷᠢ ᠲᠣᠳᠣᠷᠬᠠᠢ ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ ᠢ | ᠬᠥᠳᠡᠯᠦᠩᠭᠦᠢ ᠪᠠᠷ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ | ᠡᠭᠦᠰᠬᠦ ᠶᠢ ᠰᠡᠷᠡᠮᠵᠢᠯᠡᠨ ᠰᠡᠷᠭᠡᠶᠢᠯᠡᠨ᠎ᠡ᠃ | 1. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠬᠤ | ᠳᠦᠷᠢᠮ ᠢ ᠨᠠᠶᠢᠳᠠᠪᠤᠷᠢᠵᠢᠭᠤᠯᠤᠨ᠎ᠠ᠃ ︽ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ | ᠪᠦᠷᠢᠳᠬᠡᠨ ᠳᠠᠩᠰᠠᠯᠠᠬᠤ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ ᠪᠣᠳᠠᠰ ᠢ ᠰᠤᠳᠤᠯᠬᠤ᠂ | ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢ ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠢᠨ᠎ᠡ ᠬᠢᠮᠢ ᠶᠢᠨ ᠪᠣᠳᠠᠰ ᠤᠨ | ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠯᠲᠠ ᠶᠢ ᠥᠷᠨᠢᠭᠦᠯᠵᠦ᠂ ᠰᠢᠨ᠎ᠡ ᠬᠢᠮᠢ ᠶᠢᠨ | ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠵᠠᠷᠴᠢᠮ | ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠤᠨ᠂ ᠰᠢᠨ᠎ᠡ ᠬᠢᠮᠢ ᠶᠢᠨ | ᠪᠣᠳᠠᠰ ᠤᠨ ᠦᠢᠯᠡᠳᠪᠦᠷᠢᠯᠡᠭᠴᠢ᠂ ᠭᠠᠳᠠᠭᠠᠳᠤ ᠠᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ | ᠬᠡᠷᠡᠭᠯᠡᠭᠴᠢᠳ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠢᠮᠢ ᠶᠢᠨ | ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ | ᠬᠠᠷᠢᠭᠤᠴᠠᠨ᠎ᠠ︶ | 2. ᠰᠢᠭᠰᠢᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠵᠢᠯᠤᠭᠤᠳᠬᠤ ᠭᠠᠷᠴᠠᠭ︾ ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ | ᠪᠣᠳᠠᠰ᠂ ᠲᠠᠷᠢᠶᠠᠨ ᠡᠮ᠂ ᠮᠠᠯ ᠤᠨ ᠡᠮ᠂ ᠵᠠᠰᠠᠯ ᠴᠢᠮᠡᠭᠯᠡᠯ ᠤᠨ ᠡᠳ᠋ ᠵᠡᠷᠭᠡ ᠶᠢ ᠪᠣᠯ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢ ᠴᠠᠭ ᠲᠤᠬᠠᠢ ᠳᠤ ᠨᠢ ᠰᠢᠮᠳᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ | ᠬᠢᠵᠠᠭᠠᠷᠯᠠᠨ ᠰᠢᠭᠰᠢᠭᠳᠡᠭᠦᠯᠦᠨ᠎ᠡ᠂ ᠬᠤᠭᠤᠴᠠᠭ᠎ᠠ ᠶᠣᠰᠣᠭᠠᠷ ᠰᠢᠭᠰᠢᠭᠳᠡᠭᠦᠯᠦᠭᠰᠡᠨ ᠦᠭᠡᠢ ᠪᠣᠯ᠂ ᠲᠡᠭᠦᠨ ᠤ | ᠦᠢᠯᠡᠳᠬᠦᠨ ᠤ ᠪᠦᠷᠢᠳᠬᠡᠨ ᠳᠠᠩᠰᠠᠯᠠᠯᠲᠠ ᠪᠤᠶᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ | ᠬᠠᠷᠭᠤᠭᠤᠯᠤᠨ ᠲᠠᠷᠬᠠᠭᠠᠬᠤ ᠪᠠᠨ ᠬᠠᠤᠯᠢ ᠶᠣᠰᠣᠭᠠᠷ ᠵᠣᠭᠰᠣᠭᠠᠨ᠎ᠠ᠃ ᠣᠷᠴᠢᠨ ᠲᠣᠭᠤᠷᠢᠨ ᠤ ᠨᠥᠯᠥᠭᠡᠯᠡᠯ ᠳᠤ | ᠦᠨᠡᠯᠡᠯᠲᠡ ᠬᠢᠬᠦ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠᠨ ᠴᠢᠩᠳᠠᠯᠠᠨ᠎ᠠ᠃ | ᠭᠠᠳᠠᠭᠠᠳᠤ ᠠᠴᠠ ᠣᠷᠣᠭᠤᠯᠬᠤ ︵ᠭᠠᠳᠠᠭᠠᠳᠤ ᠳᠤ ᠭᠠᠷᠭᠠᠬᠤ︶ ᠶᠢ ᠴᠠᠭᠠᠵᠠᠯᠠᠬᠤ ᠡᠳ᠋ ᠪᠠᠷᠠᠭ᠎ᠠ ᠶᠢᠨ ᠭᠠᠷᠴᠠᠭ ᠪᠣᠯᠣᠨ | ︽ᠳᠤᠮᠳᠠᠳᠤ ᠤᠯᠤᠰ ᠤᠨ ᠴᠢᠩᠭ᠎ᠠ ᠬᠢᠵᠠᠭᠠᠷᠯᠠᠵᠤ ᠪᠠᠶᠢᠭ᠎ᠠ ᠬᠤᠣᠷ ᠲᠠᠢ ᠬᠢᠮᠢ ᠶᠢᠨ ᠪᠣᠳᠠᠰ ᠤᠨ ᠨᠡᠷ᠎ᠡ ᠶᠢᠨ | ᠵᠢᠭᠰᠠᠭᠠᠯᠲᠠ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠨᠢᠭᠡᠨᠲᠡ | ᠰᠢᠭᠰᠢᠭᠳᠡᠭᠦᠯᠦᠭᠰᠡᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ ᠢ | ᠬᠠᠤᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠳᠤ ᠴᠢᠩᠭ᠎ᠠ ᠴᠣᠬᠢᠯᠲᠠ | ᠥᠭᠴᠦ᠂ ᠰᠢᠨ᠎ᠡ ᠪᠠᠷ ᠵᠢᠭᠰᠠᠭᠠᠭᠳᠠᠭᠰᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠭᠠᠳᠤᠮ ᠤᠨ ᠵᠦᠢᠯ᠂ ᠰᠣᠷᠣᠭᠴᠢ ᠶᠢᠨ | ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠬᠦᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ | ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷ ᠲᠠᠢ ᠤᠯᠤᠰ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠬᠤ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠦᠢᠯᠡᠳᠬᠦᠨ ᠤ ᠬᠡᠷᠡᠭᠯᠡᠭᠡᠨ ᠤ ᠶᠠᠪᠤᠴᠠ ᠳᠤ ᠪᠣᠢ | ᠪᠣᠯᠭᠠᠭᠰᠠᠨ ᠰᠢᠨ᠎ᠡ ᠪᠣᠬᠢᠷᠲᠤᠯ ᠪᠣᠳᠠᠰ ᠢ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠪᠠᠨ ᠪᠠᠭᠠᠰᠬᠠᠨ᠎ᠠ᠃ | ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ | ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠶᠠᠪᠤᠴᠠ ᠶᠢᠨ ᠡᠵᠡᠮᠰᠢᠯ ᠢ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ | 1. ᠴᠡᠪᠡᠷ ᠦᠢᠯᠡᠳᠪᠦᠷᠢᠯᠡᠯ ᠢ ᠴᠢᠩᠭᠠᠳᠬᠠᠵᠤ᠂ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠵᠦ ᠦᠢᠯᠡᠳᠪᠦᠷᠢᠯᠡᠬᠦ | ᠪᠤᠶᠤ ᠦᠢᠯᠡᠳᠪᠦᠷᠢᠯᠡᠬᠦ ᠶᠠᠪᠤᠴᠠ ᠳᠤ ᠬᠤᠣᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠬᠤ ᠠᠵᠤ | ᠠᠬᠤᠶᠢᠯᠠᠯ ᠳᠤ ᠴᠡᠪᠡᠷ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠬᠢᠨᠠᠨ ᠬᠠᠷᠭᠤᠭᠤᠯᠤᠯᠲᠠ ᠶᠢ ᠬᠠᠤᠯᠢ | ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ ᠢ ᠬᠥᠨᠥᠭᠡᠯ | ᠦᠭᠡᠢ ᠪᠠᠷ ᠣᠷᠣᠯᠠᠭᠤᠯᠬᠤ᠂ ᠦᠢᠯᠡᠳᠪᠦᠷᠢᠯᠡᠬᠦ ᠤᠷ᠎ᠠ ᠮᠡᠷᠭᠡᠰᠢᠯ ᠢ ᠬᠥᠨᠥᠭᠡᠯ ᠦᠭᠡᠢ ᠪᠣᠯᠭᠠᠨ ᠰᠢᠯᠢᠳᠡᠭᠵᠢᠭᠦᠯᠬᠦ ᠵᠡᠷᠭᠡ | ᠠᠷᠭ᠎ᠠ ᠬᠡᠮᠵᠢᠶ᠎ᠡ ᠬᠡᠷᠡᠭᠵᠢᠭᠦᠯᠦᠨ᠂ ᠴᠡᠪᠡᠷ ᠦᠢᠯᠡᠳᠪᠦᠷᠢᠯᠡᠯ ᠤᠨ ᠥᠭᠡᠷᠡᠴᠢᠯᠡᠨ ᠰᠢᠨᠡᠳᠬᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠠᠬᠤᠶᠢᠯᠠᠯ ᠨᠢ ᠬᠤᠣᠷ ᠬᠥᠨᠥᠭᠡᠯ ᠲᠠᠢ ᠲᠦᠭᠦᠬᠡᠢ ᠲᠤᠰᠠᠯᠠᠬᠤ | ᠮᠠᠲ᠋ᠧᠷᠢᠶᠠᠯ ᠬᠡᠷᠡᠭᠯᠡᠵᠦ ᠪᠠᠶᠢᠭ᠎ᠠ ᠪᠠᠶᠢᠳᠠᠯ ᠵᠢᠴᠢ ᠭᠠᠳᠠᠭᠰᠢᠯᠠᠭᠤᠯᠵᠤ ᠪᠠᠶᠢᠭ᠎ᠠ ᠬᠤᠣᠷ ᠬᠥᠨᠥᠭᠡᠯ ᠲᠠᠢ ᠬᠢᠮᠢ ᠶᠢᠨ | ᠪᠣᠳᠠᠰ ᠤᠨ ᠨᠡᠷᠡᠶᠢᠳᠦᠯ᠂ ᠥᠳᠬᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠠᠨ | ᠨᠡᠶᠢᠲᠡ ᠶᠢᠨ ᠣᠶᠢᠯᠠᠭᠠᠵᠤ ᠮᠡᠳᠡᠬᠦ ᠳᠤ ᠬᠢᠯᠪᠠᠷᠬᠠᠨ ᠠᠷᠭ᠎ᠠ ᠬᠡᠯᠪᠡᠷᠢ ᠪᠠᠷ ᠨᠡᠶᠢᠲᠡᠯᠡᠬᠦ ᠬᠡᠷᠡᠭᠲᠡᠢ᠃ ᠬᠤᠣᠷ | ᠬᠥᠨᠥᠭᠡᠯ ᠲᠠᠢ ᠬᠢᠮᠢ ᠶᠢᠨ ᠪᠣᠳᠠᠰ ᠢ ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ ᠤᠨ ᠱᠠᠭᠠᠷᠳᠠᠯᠭ᠎ᠠ ᠶᠢ | ᠪᠣᠬᠢᠷᠲᠤᠯ ᠦᠭᠡᠢ ᠦᠢᠯᠡᠳᠬᠦᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠵᠤ | ᠦᠢᠯᠡᠳᠪᠦᠷᠢ ᠪᠣᠯᠣᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠦᠭᠡᠢ ᠪᠠᠷ ᠦᠢᠯᠡᠳᠬᠦ | ᠪᠠᠷᠢᠮᠵᠢᠶ᠎ᠠ ᠶᠢᠨ ᠲᠣᠭᠲᠠᠯᠴᠠᠭ᠎ᠠ ᠳᠤ ᠣᠷᠣᠭᠤᠯᠬᠤ ᠵᠡᠷᠭᠡ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠵᠦᠢᠯ ᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ | ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠢ ᠡᠮᠴᠢᠯᠡᠭᠡᠨ ᠳᠤ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠣᠷ ᠢᠶᠠᠷ ᠢᠶᠠᠨ ᠵᠣᠷ ᠤᠨ | ᠡᠮ ᠤᠨ ᠲᠥᠷᠥᠯ ᠤᠨ ᠪᠠᠺᠲ᠋ᠧᠷᠢ ᠳᠠᠷᠤᠬᠤ ᠡᠮ ᠢ ᠪᠣᠷᠣᠯᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠠᠯ ᠳᠤ ᠬᠡᠷᠡᠭᠯᠡᠬᠦ | ᠪᠠᠺᠲ᠋ᠧᠷᠢ ᠳᠠᠷᠤᠬᠤ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠵᠦ᠂ ᠮᠢᠬ᠎ᠠ ᠥᠨᠳᠡᠭᠡ | ᠰᠦᠨ ᠭᠠᠷᠤᠯᠲᠠ ᠲᠠᠢ ᠭᠤᠣᠯ ᠪᠣᠯᠬᠤ ᠮᠠᠯ ᠵᠢᠭᠦᠷᠲᠡᠨ ᠤ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠮᠠᠯ ᠤᠨ | ᠡᠮ ᠢ ᠬᠡᠷᠡᠭᠯᠡᠭᠰᠡᠨ ᠲᠡᠮᠳᠡᠭᠯᠡᠯ᠂ ᠮᠠᠯ ᠳᠤ ᠬᠡᠷᠡᠭᠯᠡᠬᠦ ᠵᠣᠷ ᠤᠨ ᠡᠮ ᠪᠣᠯᠣᠨ ᠮᠠᠯ ᠤᠨ ᠡᠮ ᠤᠨ ᠡᠮ ᠵᠣᠭᠰᠣᠬᠤ | ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠶᠢᠨ | ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠮᠢᠳᠠᠨ ᠤ ᠠᠰᠢᠭ ᠰᠢᠮ᠎ᠡ ᠶᠢᠨ ᠨᠢᠭᠡᠴᠢ ᠭᠠᠷᠤᠯᠲᠠ ᠳᠤ ᠮᠠᠯ ᠳᠤ | ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠶᠢ ᠳᠣᠷᠣᠭᠰᠢᠯᠠᠬᠤ ᠬᠠᠨᠳᠤᠰᠢ ᠲᠠᠢ ᠪᠠᠶᠢᠯᠭᠠᠬᠤ ᠶᠢ ᠪᠠᠷᠢᠮᠲᠠᠯᠠᠵᠤ᠂ ᠮᠠᠯ | ᠵᠢᠭᠦᠷᠲᠡᠨ ᠤ ᠠᠰᠢᠭ ᠰᠢᠮ᠎ᠡ ᠳᠠᠬᠢ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ ᠬᠡᠮᠵᠢᠶ᠎ᠡ ᠶᠢ | ᠪᠠᠭᠤᠷᠠᠭᠤᠯᠤᠨ᠎ᠠ᠃ 2025 ᠣᠨ ᠪᠣᠯᠬᠤ ᠳᠤ᠂ 50% ᠠᠴᠠ ᠳᠡᠭᠡᠭᠰᠢᠬᠢ ᠲᠣᠭᠠᠨ ᠤ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠲᠠᠯᠠᠪᠠᠢ ᠳᠤ ᠲᠡᠵᠢᠭᠡᠨ ᠦᠷᠡᠵᠢᠭᠦᠯᠬᠦ ᠶᠢᠨ ᠪᠠᠺᠲ᠋ᠧᠷᠢ ᠳᠠᠷᠤᠬᠤ ᠡᠮ ᠬᠡᠷᠡᠭᠯᠡᠬᠦ ᠬᠡᠮᠵᠢᠶ᠎ᠡ ᠶᠢ | ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠲᠠᠷᠢᠶᠠᠨ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠡᠮ ᠤᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠡᠭᠡᠭᠦᠯᠦᠨ ᠬᠤᠷᠢᠶᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠡᠮ | ᠬᠡᠷᠡᠭᠯᠡᠬᠦ ᠶᠢ ᠬᠢᠵᠠᠭᠠᠷᠯᠠᠵᠤ ᠬᠥᠨᠥᠭᠡᠯ ᠢ ᠪᠠᠭᠠᠰᠬᠠᠬᠤ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠥᠨᠳᠥᠷ | ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢᠯᠡᠳᠦᠨ ᠬᠥᠭᠵᠢᠭᠦᠯᠬᠦ ᠶᠢ ᠵᠣᠷᠢᠭᠵᠢᠭᠤᠯᠵᠤ᠂ ᠥᠨᠳᠥᠷ | ᠪᠦᠲᠦᠮᠵᠢᠲᠦ ᠤᠷᠭᠤᠮᠠᠯ ᠤᠨ ᠬᠠᠮᠠᠭᠠᠯᠠᠯ ᠤᠨ ᠮᠧᠬᠠᠨᠢᠭ ᠢ ᠳᠡᠯᠭᠡᠷᠡᠭᠦᠯᠦᠨ᠂ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ | ᠵᠠᠰᠠᠬᠤ ᠶᠢ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠯᠦᠭᠡ ᠠᠭᠤᠰᠤᠯᠴᠠᠭᠤᠯᠬᠤ ᠶᠢ ᠠᠬᠢᠭᠤᠯᠵᠤ᠂ ᠲᠠᠷᠢᠮᠠᠯ ᠤᠨ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ | ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ ᠢ | ᠰᠤᠯᠠᠷᠠᠭᠤᠯᠤᠨ᠎ᠠ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ ᠠᠮᠢ ᠠᠬᠤᠢ ᠢᠶᠠᠷ ᠲᠣᠬᠢᠷᠠᠭᠤᠯᠤᠨ ᠡᠵᠡᠮᠳᠡᠬᠦ᠂ | ᠡᠭᠡᠯᠢᠯᠡᠭᠡ ᠶᠢᠨ ᠪᠠᠺᠲ᠋ᠧᠷᠢ ᠳᠠᠷᠤᠬᠤ ᠶᠢ ᠥᠳᠥᠭᠡᠬᠦ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ᠂ ᠹᠢᠽᠢᠺ ᠬᠢᠮᠢ ᠪᠠᠷ | ᠥᠳᠥᠭᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠡᠮᠬᠢᠳᠬᠡᠨ ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠢ ᠬᠡᠷᠡᠭᠯᠡᠬᠦ ᠤᠳᠠᠭ᠎ᠠ ᠪᠠ ᠬᠡᠷᠡᠭᠯᠡᠬᠦ | ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠡᠭᠡᠭᠦᠯᠦᠨ | ᠬᠤᠷᠢᠶᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠬᠦ ᠭᠤᠭᠴᠤᠭ᠎ᠠ ᠳᠤ ᠡᠭᠡᠭᠦᠯᠦᠨ | ᠬᠤᠷᠢᠶᠠᠬᠤ ᠳᠤ ᠳᠥᠭᠦᠮ ᠪᠦᠬᠦᠢ ᠪᠠᠭᠲᠠᠭᠠᠮᠵᠢ ᠶᠡᠬᠡᠲᠡᠢ ᠪᠣᠭᠤᠳᠠᠯ ᠪᠠᠭᠯᠠᠭ᠎ᠠ ᠬᠡᠷᠡᠭᠯᠡᠬᠦ ᠶᠢ ᠵᠣᠷᠢᠭᠵᠢᠭᠤᠯᠵᠤ᠂ | ᠲᠠᠷᠢᠶᠠᠨ ᠡᠮ ᠤᠨ ᠦᠢᠯᠡᠳᠪᠦᠷᠢᠯᠡᠭᠴᠢ᠂ ᠡᠵᠡᠩᠨᠡᠭᠴᠢ ᠶᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ | ᠪᠣᠳᠠᠰ ᠢ ᠡᠭᠡᠭᠦᠯᠦᠨ ᠬᠤᠷᠢᠶᠠᠬᠤ ᠡᠭᠦᠷᠭᠡ ᠪᠠᠨ ᠪᠡᠶᠡᠯᠡᠭᠦᠯᠬᠦ ᠲᠠᠯ᠎ᠠ ᠪᠠᠷ ᠰᠢᠮᠳᠠᠭᠤᠯᠤᠨ᠂ ᠲᠠᠷᠢᠶᠠᠨ ᠡᠮ ᠤᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ 2025 | ᠣᠨ ᠪᠣᠯᠬᠤ ᠳᠤ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠣᠷᠮ᠎ᠠ ᠶᠢ 80% ᠠᠴᠠ | ᠳᠡᠭᠡᠭᠰᠢ ᠳᠤ ᠬᠦᠷᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠦᠵᠦᠭᠦᠷ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ | ᠲᠣᠭᠤᠷᠢᠨ ᠤ ᠲᠦᠭᠰᠢᠭᠦᠷᠢ ᠶᠢ ᠪᠠᠭᠤᠷᠠᠭᠤᠯᠤᠨ᠎ᠠ᠃ | 1. ᠰᠢᠨ᠎ᠡ ᠪᠣᠬᠢᠷᠲᠤᠯ ᠪᠣᠳᠠᠰ ᠢ ᠣᠯᠠᠨ ᠣᠷᠴᠢᠨ ᠲᠣᠭᠤᠷᠢᠨ ᠤ ᠵᠠᠭᠤᠴᠢ ᠪᠠᠷ ᠬᠠᠮᠵᠢᠯᠴᠠᠨ ᠵᠠᠰᠠᠬᠤ ᠶᠢ | ᠴᠢᠩᠭᠠᠳᠬᠠᠨ᠎ᠠ᠃ ︽ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ | ᠬᠠᠭᠤᠳᠠᠰᠤ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠬᠤ᠂ ᠬᠡᠷᠡᠭᠯᠡᠬᠦ | ᠪᠤᠶᠤ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠣᠯ ᠭᠤᠣᠯᠳᠠᠯᠭ᠎ᠠ ᠲᠠᠢ ᠪᠣᠬᠢᠷᠲᠤᠯ | ᠭᠠᠳᠠᠭᠰᠢᠯᠠᠭᠤᠯᠬᠤ ᠨᠢᠭᠡᠴᠢ ᠳᠤ ᠣᠷᠣᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ | ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠵᠤ᠂ ᠬᠡᠷᠡᠭᠵᠢᠭᠦᠯᠵᠦ ᠪᠠᠶᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ | ᠱᠠᠭᠠᠷᠳᠠᠯᠭ᠎ᠠ ᠵᠢᠴᠢ ᠠᠪᠴᠤ ᠪᠠᠶᠢᠭ᠎ᠠ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠣᠷᠬᠠᠢ ᠲᠡᠮᠳᠡᠭᠯᠡᠵᠦ᠂ | ᠭᠠᠳᠠᠭᠰᠢᠯᠠᠭᠤᠯᠬᠤ ︵ᠪᠣᠬᠢᠷᠲᠤᠯ ᠪᠣᠳᠠᠰ ᠭᠠᠳᠠᠭᠰᠢᠯᠠᠭᠤᠯᠬᠤ︶ ᠠᠮᠠᠰᠠᠷ ᠵᠢᠴᠢ ᠡᠷᠭᠢᠨ ᠲᠣᠭᠤᠷᠢᠨ ᠤ ᠣᠷᠴᠢᠨ | ᠠᠬᠤᠢ ᠳᠤ ᠣᠷᠴᠢᠨ ᠲᠣᠭᠤᠷᠢᠨ ᠤ ᠬᠢᠨᠠᠨ ᠰᠢᠨᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ ᠤᠨ ᠮᠡᠳᠡᠭᠡ ᠵᠠᠩᠭᠢ ᠶᠢ ᠬᠠᠤᠯᠢ | ᠶᠣᠰᠣᠭᠠᠷ ᠢᠯᠡ ᠪᠣᠯᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ | ᠰᠡᠷᠭᠡᠶᠢᠯᠡᠬᠦ ᠬᠡᠷᠡᠭᠲᠡᠢ᠃ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠨᠢ | ᠬᠤᠣᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠢ ᠶᠢᠨ | ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠤᠨ᠂ ᠬᠤᠣᠷ ᠬᠥᠨᠥᠭᠡᠯ ᠲᠠᠢ | ᠪᠣᠳᠠᠰ ᠤᠨ ᠨᠡᠪᠴᠢᠬᠦ᠂ ᠤᠷᠤᠰᠬᠤ᠂ ᠰᠠᠷᠨᠢᠬᠤ ᠠᠴᠠ ᠰᠡᠷᠭᠡᠶᠢᠯᠡᠬᠦ ᠬᠡᠷᠡᠭᠲᠡᠢ᠃ ᠬᠤᠣᠷ ᠬᠥᠨᠥᠭᠡᠯ ᠲᠠᠢ ᠠᠭᠠᠷ | ᠮᠠᠨᠳᠠᠯ ᠤᠨ ᠪᠣᠬᠢᠷᠲᠤᠯ ᠪᠣᠳᠠᠰ᠂ ᠤᠰᠤᠨ ᠤ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢ ᠦᠨᠡᠨ ᠬᠦ | ᠴᠢᠩᠭᠠᠳᠬᠠᠵᠤ᠂ ᠬᠠᠮᠢᠶ᠎ᠠ ᠪᠦᠬᠦᠢ ᠪᠣᠬᠢᠷᠲᠤᠯ ᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | 2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠢ ᠠᠭᠤᠯᠬᠤ ᠬᠠᠶᠠᠭᠳᠠᠮᠠᠯ ᠪᠣᠳᠠᠰ ᠢ ᠴᠤᠭᠯᠠᠭᠤᠯᠤᠨ | ᠠᠰᠢᠭᠯᠠᠵᠤ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ | ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ | ᠤᠷᠪᠠᠯ ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ | ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠣᠳᠣ ᠪᠠᠶᠢᠭ᠎ᠠ ᠱᠦᠢᠨᠢ ᠶᠢᠨ ᠤᠭᠤᠷᠭᠠᠢ ᠵᠡᠷᠭᠡ ᠰᠢᠲᠠᠭᠠᠵᠤ ᠰᠢᠢᠳᠪᠦᠷᠢᠯᠡᠬᠦ | ᠪᠡᠯᠡᠳᠬᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ | ᠡᠮ ᠢ ᠬᠠᠮᠵᠢᠯᠴᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠬᠡᠬᠤᠲᠠ ᠪᠠᠶᠠᠨᠨᠠᠭᠤᠷ ᠬᠤᠲᠠ ᠶᠢᠨ ᠨᠢᠶᠠᠨ | ᠳᠠᠷᠤᠭᠴᠢ ᠪᠠᠺᠲ᠋ᠧᠷᠢ ᠶᠢᠨ ᠰᠢᠭᠠᠷᠤ ᠶᠢ ᠬᠤᠣᠷ ᠦᠭᠡᠶᠢᠳᠡᠭᠦᠯᠦᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ | ᠶᠡᠭᠡ ᠪᠠᠷ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ᠂ | ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ | ᠬᠢᠨᠠᠨ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠳ᠋ᠦᠩ ᠢ ᠦᠨᠳᠦᠰᠦᠯᠡᠨ᠂ ᠬᠢᠮᠢ ᠶᠢᠨ ᠠᠵᠤ ᠦᠢᠯᠡᠳᠪᠦᠷᠢ᠂ | ᠡᠮ ᠡᠮᠨᠡᠯᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢ | ᠰᠣᠩᠭᠤᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ | ᠥᠷᠨᠢᠭᠦᠯᠦᠨ᠎ᠡ᠃ ᠤᠯᠤᠰ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠪᠣᠬᠢᠷᠲᠤᠯ ᠦᠭᠡᠢ ᠪᠠᠷ ᠣᠷᠣᠯᠠᠭᠤᠯᠬᠤ᠂ | ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ | ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠶᠢᠨ ᠳᠤᠮᠳᠠᠬᠢ ᠰᠢᠨ᠎ᠡ ᠪᠣᠬᠢᠷᠲᠤᠯ ᠪᠣᠳᠠᠰ ᠢ ᠵᠠᠰᠠᠬᠤ ᠵᠢᠱᠢᠶ᠎ᠡ | ᠦᠵᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠨᠥᠬᠦᠴᠡᠯ ᠲᠠᠢ ᠠᠵᠤ ᠠᠬᠤᠶᠢᠯᠠᠯ ᠤᠨ ᠤᠷᠢᠳ ᠢᠶᠠᠷ | ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠵᠤ᠂ ᠰᠢᠨ᠎ᠡ ᠪᠣᠬᠢᠷᠲᠤᠯ ᠪᠣᠳᠠᠰ ᠡᠭᠦᠰᠬᠡᠬᠦ ᠪᠠ | ᠭᠠᠳᠠᠭᠰᠢᠯᠠᠭᠤᠯᠬᠤ ᠶᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ | ᠰᠠᠭᠤᠷᠢ ᠪᠠᠨ ᠪᠠᠬᠢᠵᠢᠭᠦᠯᠦᠨ᠎ᠡ᠃ | 1. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠳᠤ | ᠲᠦᠰᠢᠭᠯᠡᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠬᠤᠣᠷ | ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠢ ᠬᠢᠨᠠᠨ ᠬᠡᠮᠵᠢᠵᠦ ᠵᠠᠳᠠᠯᠬᠤ᠂ ᠲᠦᠭᠰᠢᠭᠦᠷᠢ ᠶᠢ ᠦᠨᠡᠯᠡᠨ ᠵᠢᠱᠢᠬᠦ᠂ | ᠭᠠᠳᠠᠭᠰᠢᠯᠠᠭᠤᠯᠤᠯᠲᠠ ᠶᠢᠨ ᠤᠭ ᠦᠨᠳᠦᠰᠦ ᠶᠢ ᠨᠢ ᠡᠷᠢᠬᠦ᠂ ᠪᠦᠲᠦᠮᠵᠢᠲᠡᠢ ᠠᠷᠢᠯᠭᠠᠬᠤ ᠵᠡᠷᠭᠡ ᠮᠡᠷᠭᠡᠵᠢᠯ ᠢ | ᠰᠤᠳᠤᠯᠤᠨ ᠨᠡᠭᠡᠭᠡᠬᠦ ᠬᠢᠭᠡᠳ ᠦᠨᠡᠯᠡᠬᠦ ᠳᠤ ᠳᠡᠮᠵᠢᠯᠭᠡ ᠦᠵᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠬᠤ ᠬᠦᠴᠦᠯᠡᠴᠡ ᠶᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 2. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠠᠭᠤᠷᠢ ᠶᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ᠂ | ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠣᠷᠴᠢᠨ | ᠲᠣᠭᠤᠷᠢᠨ ᠤ ᠬᠢᠨᠠᠨ ᠬᠡᠮᠵᠢᠯᠲᠡ ᠶᠢᠨ ᠬᠢᠷᠢ ᠭᠡᠮ ᠪᠣᠯᠣᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠰᠢᠨ᠎ᠡ ᠪᠣᠬᠢᠷᠲᠤᠯ ᠪᠣᠳᠠᠰ ᠤᠨ ᠨᠡᠶᠢᠭᠡᠮᠴᠢᠯᠡᠭᠰᠡᠨ ᠬᠢᠨᠠᠨ ᠬᠡᠮᠵᠢᠯᠲᠡ ᠶᠢ ᠵᠣᠷᠢᠭᠵᠢᠭᠤᠯᠵᠤ᠂ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠲᠤᠰᠬᠠᠢ ᠵᠦᠢᠯ ᠤᠨ ᠪᠣᠯᠪᠠᠰᠤᠷᠠᠯ ᠢ ᠥᠷᠨᠢᠭᠦᠯᠵᠦ᠂ | ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠬᠢᠬᠦ ᠪᠠ ᠬᠢᠮᠢ ᠶᠢᠨ | ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠮᠡᠷᠭᠡᠵᠢᠯ ᠤᠨ ᠲᠤᠯᠭᠠᠭᠤᠷᠢᠯᠠᠨ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠳᠡᠭᠡ | ᠵᠠᠩᠭᠢᠴᠢᠯᠠᠯᠲᠠ ᠶᠢᠨ ᠬᠢᠷᠢ ᠲᠦᠪᠰᠢᠨ ᠢ ᠴᠢᠩᠭᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠳᠠᠲᠠᠢ | ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠨᠢ ᠲᠦᠷᠦᠭᠦᠯᠡᠨ ᠬᠠᠷᠢᠭᠤᠴᠠᠵᠤ ᠶᠡᠷᠦᠩᠬᠡᠶᠢᠯᠡᠨ ᠠᠳᠬᠤᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ | ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠶᠢ | ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠵᠥᠪᠳᠡᠯᠴᠡᠨ᠂ ᠪᠥᠬᠦ ᠣᠷᠣᠨ ᠤ ᠰᠢᠨ᠎ᠡ ᠪᠣᠬᠢᠷᠲᠤᠯ | ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ | ᠬᠦᠴᠢᠷ ᠪᠡᠷᠬᠡᠰᠢᠶᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠲᠣᠰ ᠭᠠᠵᠠᠷ ᠣᠷᠣᠨ ᠤ ᠪᠠᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠡᠷᠡᠭᠵᠢᠭᠦᠯᠬᠦ ᠲᠥᠰᠥᠯ ᠢ | ᠲᠣᠭᠲᠠᠭᠠᠨ ᠨᠡᠶᠢᠲᠡᠯᠡᠵᠦ᠂ ᠬᠠᠷᠠᠯᠲᠠ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠰᠠᠯᠠᠭ᠎ᠠ ᠮᠥᠴᠢᠷ ᠤᠨ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠯᠪᠤᠭᠠᠯᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ | ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ | ᠵᠠᠰᠠᠯᠲᠠ ᠶᠢᠨ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ 2025 ᠣᠨ ᠳᠤ ᠲᠣᠰ | ᠲᠥᠰᠥᠯ ᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠃ ᠰᠢᠨ᠎ᠡ | ᠪᠣᠬᠢᠷᠲᠤᠯ ᠪᠣᠳᠠᠰ ᠤᠨ ᠵᠠᠰᠠᠯᠲᠠ ᠶᠢᠨ ᠳᠤᠮᠳᠠ ᠣᠷᠣᠰᠢᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ | ᠲᠣᠪᠣᠶᠢᠮ᠎ᠠ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠬᠤᠶᠠᠷ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠂ ᠰᠢᠨ᠎ᠡ ᠪᠣᠬᠢᠷᠲᠤᠯ ᠪᠣᠳᠠᠰ ᠤᠨ | ᠵᠠᠰᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠢ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ | ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ | ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠠᠤᠯᠢ ᠬᠡᠷᠡᠭᠵᠢᠭᠦᠯᠬᠦ ᠬᠢᠨᠠᠨ | ᠬᠡᠮᠵᠢᠯᠲᠡ ᠪᠣᠯᠣᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ | ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ | ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠤᠨ᠎ᠠ᠃ ᠴᠠᠭᠠᠵᠠᠯᠠᠬᠤ ᠪᠤᠶᠤ ᠬᠢᠵᠠᠭᠠᠷᠯᠠᠬᠤ ᠲᠥᠷᠥᠯ ᠤᠨ ᠬᠤᠣᠷ ᠬᠥᠨᠥᠭᠡᠯ ᠲᠠᠢ | ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ | ᠬᠡᠷᠡᠭᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ | ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠪᠡᠯᠡ ᠮᠥᠩᠭᠦᠨ ᠤ ᠣᠷᠤᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ | ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠵᠤ ᠬᠢᠨᠠᠨ ᠬᠡᠮᠵᠢᠬᠦ᠂ ᠰᠢᠭᠰᠢᠨ | ᠪᠠᠶᠢᠴᠠᠭᠠᠵᠤ ᠦᠨᠡᠯᠡᠨ ᠵᠢᠱᠢᠬᠦ᠂ ᠲᠤᠷᠰᠢᠯᠲᠠ ᠶᠢᠨ ᠴᠡᠭ ᠪᠠᠶᠢᠭᠤᠯᠵᠤ ᠵᠢᠱᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ | ᠵᠠᠰᠠᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠢ ᠵᠦᠢᠯ ᠤᠨ | ᠪᠡᠯᠡ ᠮᠥᠩᠭᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠤᠭᠤᠯᠤᠯᠲᠠ ᠪᠠᠷ ᠬᠥᠲᠥᠯᠥᠮᠵᠢ ᠪᠣᠯᠭᠠᠭᠰᠠᠨ ᠣᠯᠠᠨ | ᠡᠰᠢᠵᠢᠭᠰᠡᠨ ᠪᠡᠯᠡ ᠮᠥᠩᠭᠦᠨ ᠤ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠪᠡᠯᠡ ᠮᠥᠩᠭᠦᠨ ᠤ | ᠣᠷᠤᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠣᠯᠠᠨ ᠨᠡᠶᠢᠭᠡᠮ᠂ ᠮᠥᠩᠭᠦᠨ ᠭᠦᠢᠯᠭᠡᠭᠡᠨ ᠤ ᠬᠥᠷᠥᠩᠭᠡ ᠶᠢ | ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠦᠷᠢᠶᠡᠨ ᠳᠤ ᠣᠷᠣᠭᠤᠯᠬᠤ ᠪᠠᠷ ᠵᠢᠯᠤᠭᠤᠳᠬᠤ ᠪᠠ | ᠵᠣᠷᠢᠭᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠨᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠪᠠ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠤᠬᠠᠭᠤᠯᠤᠨ ᠵᠢᠯᠤᠭᠤᠳᠬᠤ ᠶᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠤᠨ | ᠵᠠᠰᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ | ᠣᠯᠠᠨ ᠨᠡᠶᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠮᠠᠭᠤᠳᠠᠭᠤᠯᠬᠤ ᠪᠠ ᠡᠷᠡᠭᠦᠯ ᠮᠡᠨᠳᠦ ᠶᠢ | ᠬᠤᠬᠢᠷᠠᠭᠤᠯᠬᠤ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ | ᠦᠭᠡᠢ ᠬᠡᠷᠡᠭᠯᠡᠭᠡᠨ ᠤ ᠣᠨᠣᠯᠵᠢᠬᠤᠨ ᠢ ᠨᠢ ᠴᠢᠩᠭᠠᠷᠠᠭᠤᠯᠤᠨ᠎ᠠ᠃ ᠣᠯᠠᠨ ᠨᠡᠶᠢᠲᠡ ᠶᠢᠨ ᠣᠯᠠᠨ ᠵᠦᠢᠯ ᠤᠨ ᠠᠷᠭ᠎ᠠ | ᠵᠠᠮ ᠢᠶᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠭᠵᠢᠭᠤᠯᠵᠤ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ | ᠲᠣᠭᠤᠷᠢᠨ ᠤ ᠣᠯᠠᠨ ᠤᠯᠤᠰ ᠤᠨ ᠨᠡᠶᠢᠲᠡ ᠶᠢᠨ ᠭᠡᠷ᠎ᠡ ᠭᠦᠢᠴᠡᠳᠬᠡᠬᠦ ᠠᠵᠢᠯᠯᠠᠭ᠎ᠠ ᠪᠠ ᠤᠬᠠᠭᠤᠯᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠡᠷ᠎ᠡ ᠭᠦᠢᠴᠡᠳᠬᠡᠬᠦ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2023 ᠣᠨ ᠤ 2 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ | |