ᠪᠠᠷᠠᠭᠤᠨ ᠦᠵᠦᠮᠦᠴᠢᠨ ᠬᠤᠰᠢᠭᠤ 2024 ᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠪᠤᠭᠤᠮᠳᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠥᠮᠥᠷᠭᠡ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠠᠵᠢᠯ ᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/9
      ᠪᠡᠯᠡ ᠮᠥᠩᠭᠦ ᠶᠢ ᠵᠣᠯᠭᠠᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ 2024 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠥᠮᠥᠷᠭᠡ ᠶᠢᠨ ᠬᠥᠳᠡᠯᠦᠩᠭᠦᠢ ᠲᠣᠬᠢᠷᠠᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠶᠠᠰᠤ ᠴᠢᠨᠠᠷ ᠢ ᠳᠡᠭᠡᠭᠰᠢᠯᠡᠬᠦᠯᠪᠡ᠃ ᠲᠥᠷᠥᠯ ᠵᠦᠢᠯ ᠤᠨ ᠬᠥᠮᠥᠷᠭᠡ ᠶᠢᠨ ᠬᠥᠳᠡᠯᠦᠩᠭᠦᠢ ᠲᠣᠬᠢᠷᠠᠭᠤᠯᠤᠯᠲᠠ ᠬᠢᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠣᠭᠤᠷᠢᠨ ᠳᠤ᠂ ᠬᠥᠮᠥᠨ ᠡᠷᠦᠬᠡ ᠳᠤ ᠬᠦᠷᠲᠡᠯ᠎ᠡ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠬᠡᠷᠡᠭᠴᠡᠭᠡ  ᠶᠢ ᠤᠷᠢᠳ ᠢᠶᠠᠷ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ᠂ ᠬᠢᠨᠠᠨ ᠰᠢᠯᠭᠠᠬᠤ ᠡᠲᠡᠭᠡᠳ ᠤᠨ ᠦᠢᠯᠡᠳᠪᠦᠷᠢᠯᠡᠯ ᠢᠶᠠᠨ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠵᠠᠰᠠᠬᠤ ᠵᠡᠷᠭᠡ ᠴᠢᠭᠯᠡᠯ ᠢ ᠭᠤᠣᠯᠳᠠᠯᠭ᠎ᠠ ᠲᠠᠢ ᠳᠡᠮᠵᠢᠵᠦ᠂ ᠰᠤᠮᠤ ᠪᠠᠯᠭᠠᠰᠤ᠂ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠥᠷᠥᠯ ᠵᠦᠢᠯ ᠢ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠳᠤ ᠬᠢᠨᠠᠨ ᠨᠤᠲᠠᠯᠠᠯᠲᠠ ᠬᠢᠵᠦ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠶᠠᠰᠤ ᠴᠢᠨᠠᠷ ᠢ ᠴᠢᠩᠭ᠎ᠠ ᠠᠳᠬᠤᠨ᠂ ᠲᠥᠷᠥᠯ ᠵᠦᠢᠯ ᠤᠨ ᠬᠥᠮᠥᠷᠭᠡ ᠶᠢᠨ ᠬᠡᠪᠴᠢᠶ᠎ᠡ ᠶᠢ ᠵᠣᠬᠢᠰᠲᠠᠢ ᠪᠠᠶᠢᠯᠭᠠᠬᠤ ᠶᠢ ᠪᠠᠲᠤᠯᠠᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠬᠦᠯᠪᠡ᠃ ᠣᠳᠣᠬᠠᠨ ᠳᠤ᠂ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠬᠦ ᠲᠠᠰ ᠳᠠᠷᠠᠭᠠᠯᠠᠯ ᠢ ᠨᠢᠭᠡᠨᠲᠡ ᠪᠡᠶᠡᠯᠡᠭᠦᠯᠵᠦ᠂ 2024 ᠣᠨ ᠳᠤ ᠬᠥᠮᠥᠷᠭᠡ ᠳᠤ ᠣᠷᠣᠭᠤᠯᠬᠤ ᠲᠥᠷᠥᠯ ᠵᠦᠢᠯ ᠨᠡᠶᠢᠲᠡ 72 ᠪᠠᠶᠢᠵᠤ᠂ ᠡᠭᠦᠨ ᠳᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ 58᠂ ᠶᠠᠳᠠᠭᠤ ᠠᠴᠠ  ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠥᠷᠥᠯ ᠵᠦᠢᠯ 3᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 10᠂ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 1 ᠪᠣᠶ᠃     ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ  2025 ᠣᠨ ᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠥᠷᠭᠡ ᠳᠤ ᠣᠷᠣᠭᠤᠯᠬᠤ ᠲᠠᠰ ᠳᠠᠷᠠᠭᠠᠯᠠᠯ ᠢ ᠴᠢᠩᠭ᠎ᠠ ᠬᠢᠨᠠᠨ ᠬᠠᠷᠭᠤᠭᠤᠯᠵᠤ᠂ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠯᠠᠮ ᠨᠢᠭᠡ ᠠᠯᠬᠤᠮ ᠰᠠᠭᠤᠷᠢ ᠶᠢ ᠪᠠᠲᠤᠳᠬᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号