ᠬᠠᠷᠠᠭᠠᠯᠵᠠᠨ ᠵᠤᠯᠭᠠᠭᠤᠯᠤᠭᠰᠠᠨ ᠬᠠᠯᠠᠭᠤᠨ ᠵᠤᠨ ᠤ ᠠᠵᠢᠯᠯᠠᠭ᠎ᠠ            —  ᠵᠢᠷᠠᠨ ᠵᠢᠯ ᠤᠨ ᠡᠷᠢᠯ ᠬᠦᠰᠡᠯ ᠨᠢ ᠠᠷᠠᠳ ᠤᠨ ᠴᠠᠭᠳᠠᠭ᠎ᠠ ᠶᠢᠨ ᠬᠠᠪᠰᠤᠷᠤᠯᠭ᠎ᠠ ᠳᠣᠣᠷ᠎ᠠ ᠪᠡᠶᠡᠯᠡᠭᠳ᠋᠊
ᠨᠡᠶᠢᠲᠡᠯᠡᠭᠰᠡᠨ ᠴᠠᠭ᠄
2024/8/1
     7 ᠳ᠋ᠤᠭᠠᠷ ᠰᠠᠷ᠎ᠡ ᠶᠢᠨ 22᠎ ᠤᠨ ᠦᠷᠯᠦᠬᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠵᠣᠣ ᠨᠠᠰᠤᠲᠠᠨ ︵ᠨᠢᠭᠤᠴᠠᠯᠠᠭᠰᠠᠨ ᠨᠡᠷ᠎ᠡ︶ ᠭᠡᠷ ᠪᠦᠯᠢ ᠪᠠᠷ ᠢᠶᠠᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠢᠷᠡᠵᠦ ︽ᠠᠷᠠᠳ ᠤᠨ ᠴᠠᠭᠳᠠᠭ᠎ᠠ ᠮᠠᠨ ᠤ ᠠᠯᠤᠰ ᠤᠨ ᠵᠡᠭᠦᠳᠦ ᠶᠢ ᠲᠡᠷᠭᠡᠯᠰᠢᠭᠦᠯᠦᠭᠰᠡᠨ︾ ᠬᠡᠮᠡᠬᠦ ᠠᠯᠲᠠ ᠦᠰᠦᠭ ᠲᠠᠢ ᠬᠡᠮᠡᠷᠯᠢᠭ ᠲᠤᠭ ᠢ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠳᠤ ᠬᠦᠷᠭᠡᠯ᠎ᠡ᠃ ᠡᠨᠡᠬᠦ ᠬᠡᠮᠡᠷᠯᠢᠭ ᠲᠤᠭ ᠤᠨ ᠠᠷᠤ ᠳᠤ ᠲᠦᠷᠦᠯ ᠰᠠᠳᠤᠨ ᠢᠶᠠᠨ ᠡᠷᠢᠭᠰᠡᠨ ᠰᠡᠳᠬᠢᠯ ᠬᠥᠳᠡᠯᠭᠡᠮ᠎ᠡ ᠦᠯᠢᠭᠡᠷ ᠪᠤᠢ ᠁      ᠵᠣᠣ ᠨᠠᠰᠤᠲᠠᠨ 60 ᠭᠠᠷᠤᠢ ᠵᠢᠯ ᠤᠨ ᠡᠮᠦᠨ᠎ᠡ ᠡᠮᠦᠨ᠎ᠡ ᠭᠠᠵᠡᠷ ᠠᠴᠠ ᠪᠠᠷᠠᠭᠤᠨ ᠦᠵᠦᠮᠦᠴᠢᠨ ᠬᠤᠰᠢᠭᠤᠨ ᠳᠤ ᠦᠷᠡᠴᠢᠯᠡᠭᠳᠡᠭᠰᠡᠨ ᠪᠠᠶᠢᠵᠠᠢ᠃ ᠦᠷᠡᠴᠢᠯᠡᠨ ᠲᠡᠵᠢᠬᠡᠭᠰᠡᠨ ᠠᠪᠤ ᠡᠵᠢ ᠨᠢ ᠲᠡᠭᠦᠨ ᠢ ᠲᠥᠷᠥᠭᠰᠡᠨ ᠦᠷ᠎ᠡ ᠲᠠᠢ ᠪᠠᠨ ᠠᠳᠠᠯᠢ ᠬᠠᠶᠢᠷᠠᠯᠠᠨ᠂ ᠥᠰᠬᠡᠵᠦ ᠬᠦᠮᠦᠵᠢᠭᠦᠯᠦᠭᠰᠡᠨ ᠢᠶᠠᠷ ᠲᠡᠷᠡ ᠬᠦᠮᠦᠨ ᠤ ᠵᠡᠷᠭᠡ ᠳᠤ ᠬᠦᠷᠴᠦ᠂ ᠠᠳᠠᠯ ᠦᠢᠯᠡᠰ ᠢᠶᠠᠨ ᠪᠣᠰᠬᠠᠨ ᠠᠶᠢᠯ ᠭᠡᠷ ᠪᠠᠶᠢᠭᠤᠯᠵᠦ᠂ ᠦᠷ᠎ᠡ ᠬᠡᠦᠬᠡᠳ ᠲᠠᠢ ᠪᠣᠯᠣᠭᠰᠠᠨ ᠴᠤ ᠠᠯᠤᠰ ᠬᠤᠯᠠ ᠶᠢᠨ ᠳᠣᠲᠣᠨᠣ ᠬᠥᠮᠥᠰ ᠢᠶᠠᠨ  ᠲᠤᠷᠡᠰᠦᠨ ᠰᠠᠨᠠᠭᠠᠯᠵᠠᠬᠤ ᠰᠡᠳᠬᠢᠯ ᠨᠢ ᠶᠡᠷᠦ ᠬᠤᠪᠢᠷᠠᠭ᠎ᠠ ᠦᠭᠡᠢ ᠪᠠᠶᠢᠵᠠᠢ᠃     ᠦᠷᠡᠴᠢᠯᠡᠨ ᠲᠡᠵᠢᠭᠡᠭᠰᠡᠨ ᠠᠪᠤ ᠡᠵᠢ ᠨᠢ ᠨᠠᠰᠤ ᠪᠠᠷᠠᠭᠰᠠᠨ ᠤ ᠳᠠᠷᠠᠭ᠎ᠠ᠂ ᠲᠥᠷᠥᠯ ᠰᠠᠳᠤᠨ ᠢᠶᠠᠨ ᠨᠡᠩ ᠳᠤᠷᠠᠰᠤᠨ ᠰᠠᠨᠠᠭᠠᠯᠵᠠᠬᠤ ᠪᠣᠯᠵᠤ᠂ ᠰᠦᠯᠵᠢᠶ᠎ᠡ ᠪᠠᠷ ᠣᠯᠠᠨᠳᠠ ᠡᠷᠢᠵᠦ ᠰᠤᠷᠠᠭᠯᠠᠭᠰᠠᠨ ᠴᠤ ᠶᠠᠮᠡᠷ ᠴᠦ ᠬᠠᠷᠢᠭᠤ ᠣᠯᠣᠭᠰᠠᠨ ᠦᠬᠡᠢ ᠲᠤᠯᠠ᠂ 2024 ᠣᠨ ᠤ 2 ᠳ᠋ᠤᠭᠠᠷ ᠰᠠᠷ᠎ᠠ ᠶᠢᠨ ᠨᠢᠭᠡᠨ ᠦᠳᠡ ᠶᠢᠨ ᠡᠮᠦᠨ᠎ᠡ᠂   ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠢᠷᠡᠵᠦ ᠲᠥᠷᠥᠯ ᠰᠠᠳᠤᠨ ᠢᠶᠠᠨ ᠡᠷᠢᠬᠦ ᠲᠤᠬᠠᠢ ᠬᠠᠪᠰᠤᠷᠤᠯᠭ᠎ᠠ ᠭᠤᠶᠤᠠᠠᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠣᠪᠴᠢᠶᠠᠨ ᠤ ᠠᠷᠠᠳ ᠤᠨ ᠴᠠᠭᠳᠠᠭ᠎ᠠ ᠭᠤᠶᠤᠴᠢᠯᠠᠯ ᠢ ᠲᠤᠰᠤᠮᠠᠭᠴᠠ ᠳᠠᠷᠤᠢ ᠲᠦᠷᠭᠡᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠂ ᠵᠤᠤ ᠨᠠᠰᠤᠳᠠᠨ ᠤ ᠴᠢᠰᠤᠨ ᠤ ᠵᠠᠭᠪᠤᠷ ᠢ ᠠᠪᠴᠦ ᠰᠢᠯᠢ ᠶᠢᠨ ᠭᠤᠣᠯ ᠠᠶᠢᠮᠠᠭ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠲᠤ ᠬᠦᠷᠭᠡᠵᠦ᠂ DNA᠎ ᠶᠢᠨ ᠲᠤᠷᠰᠢᠯᠲᠠ ᠶᠢᠨ ᠲᠠᠰᠤᠭ ᠤᠨ ᠠᠳᠠᠯᠢᠳᠬᠠᠯ ᠨᠢ ᠡᠮᠦᠨ᠎ᠡ ᠣᠷᠣᠨ ᠤ ᠯᠢ ᠣᠪᠣᠭᠲᠤ ︵ᠨᠢᠭᠤᠴᠠᠯᠠᠭᠰᠠᠨ ᠨᠡᠷ᠎ᠡ᠂ ᠡᠷᠡᠭᠳᠡᠢ︶᠎ ᠶᠢᠨ ᠭᠡᠷ ᠪᠦᠯᠢ ᠶᠢᠨ ᠰᠢᠰᠲ᠋ᠧᠮ ᠯᠤᠭ᠎ᠠ ᠳᠡᠭᠡᠳᠦ ᠬᠡᠮᠵᠢᠶ᠎ᠡ ᠪᠠᠷ ᠠᠪᠴᠠᠯᠳᠤᠵᠦ ᠪᠠᠶᠢᠬᠤ ᠶᠢ ᠮᠡᠳᠡᠵᠡᠢ᠃     ᠠᠷᠠᠳ ᠤᠨ ᠴᠠᠭᠳᠠᠭ᠎ᠠ ᠯᠢ ᠣᠪᠣᠭᠲᠤ ᠶᠢᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠷᠢᠯᠴᠠᠵᠤ᠂ ᠬᠢᠨᠠᠨ ᠪᠠᠶᠢᠴᠠᠭᠠᠬᠤ ᠠᠵᠢᠯ ᠢ ᠬᠠᠮᠲᠤᠷᠠᠨ ᠥᠷᠨᠢᠭᠦᠯᠬᠦ ᠪᠠᠷ ᠳᠠᠮᠵᠢᠨ᠂ ᠯᠢ ᠣᠪᠣᠭᠲᠤ 1964 ᠣᠨ ᠳᠤ ᠲᠦᠷᠦᠭᠰᠡᠨ ᠨᠢᠭᠡ ᠳᠡᠭᠦᠦ ᠲᠠᠢ ᠪᠠᠶᠢᠵᠦ᠂ ᠭᠡᠷ ᠪᠦᠯᠢ ᠶᠢᠨ ᠠᠵᠦ ᠠᠮᠢᠳᠤᠷᠡᠯ ᠤᠨ ᠬᠦᠴᠢᠷᠳᠡᠯ ᠠᠴᠠ ᠪᠣᠯᠵᠤ ᠡᠴᠢᠭᠡ ᠡᠬᠡ ᠎ ᠨᠢ ᠲᠡᠬᠦᠦ ᠶᠢ ᠨᠢ ᠭᠠᠳᠠᠨ᠎ᠠ ᠤᠷᠤᠨ ᠳᠤ ᠲᠡᠵᠢᠭᠡᠯᠬᠡᠭᠰᠡᠨ ᠢ ᠤᠯᠵᠦ ᠮᠡᠳᠡᠵᠠᠢ᠃     ᠯᠢ ᠣᠪᠣᠭᠲᠤ ᠶᠢᠨ ᠳᠦᠷᠰᠦᠯᠡᠨ ᠲᠤᠭᠠᠴᠠᠭᠰᠠᠨ ᠥᠩᠭᠡᠷᠡᠯᠲᠡ ᠨᠢ ᠵᠤᠤ ᠨᠠᠰᠤᠳᠠᠨ ᠤ ᠬᠠᠩᠭᠠᠭᠰᠠᠨ ᠰᠤᠷᠠᠭ ᠴᠢᠮᠡᠭᠡ ᠲᠠᠢ ᠦᠨᠳᠦᠰᠦᠨ ᠳᠡᠭᠡᠨ ᠠᠳᠠᠯᠢ ᠲᠤᠯᠠ ᠠᠷᠠᠳ ᠤᠨ ᠴᠠᠭᠳᠠᠭ᠎ᠠ ᠯᠢ ᠣᠪᠣᠭᠲᠤ ᠶᠢ ᠵᠤᠤ ᠨᠠᠰᠤᠳᠠᠨ ᠤ ᠠᠬ᠎ᠠ ᠮᠥᠨ ᠭᠡᠵᠦ ᠮᠠᠭᠠᠳᠯᠠᠨ᠂ ᠴᠢᠰᠤᠨ ᠤ ᠬᠡᠪ ᠶᠠᠩᠵᠦ ᠶᠢ ᠨᠢ ᠣᠯᠠᠨ ᠤᠳᠠᠭ᠎ᠠ ᠰᠢᠯᠭᠠᠨ ᠪᠠᠶᠢᠴᠠᠭᠠᠵᠤ ᠬᠠᠷᠭᠤᠭᠤᠯᠤᠭᠠᠳ᠂ ᠡᠴᠦᠰ ᠎ ᠲᠤ ᠵᠤᠤ ᠨᠠᠰᠤᠳᠠᠨ ᠪᠤᠯᠤᠨ ᠯᠢ ᠤᠪᠤᠭᠳᠦ ᠬᠤᠶᠠᠭᠤᠯᠠ ᠶᠢ ᠲᠦᠷᠦᠭᠰᠡᠨ ᠠᠬ᠎ᠠ ᠳᠡᠭᠦᠦ ᠶᠢᠨ ᠬᠠᠷᠢᠴᠠᠭ᠎ᠠ ᠲᠠᠢ ᠪᠣᠯᠬᠤ ᠶᠢ ᠪᠠᠳᠤᠯᠠᠨ ᠲᠤᠭᠳᠠᠭᠠᠪᠠ᠃     ᠡᠨᠡ ᠵᠤᠨ ᠵᠤᠤ ᠨᠠᠰᠤᠲᠠᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭ᠎ᠠ ᠨᠠᠷ ᠤᠨ ᠪᠠᠷ᠎ᠠ ᠪᠤᠯᠤᠯᠭ᠎ᠠ ᠳᠣᠣᠷ᠎ᠠ ᠨᠤᠳᠤᠭ ᠲᠤ ᠪᠠᠨ ᠬᠠᠷᠢᠵᠦ ᠲᠦᠷᠦᠯ ᠰᠠᠳᠤᠨ ᠲᠠᠢ ᠪᠠᠨ ᠠᠭᠤᠯᠵᠠᠨ ᠲᠠᠨᠢᠯᠴᠠᠬᠤ ᠠᠶᠠᠨ ᠳᠠᠭᠠᠨ ᠮᠣᠷᠳ᠋ᠬᠠᠰᠠᠨ ᠪᠠᠶᠢᠨ᠎ᠠ᠃ ᠢᠩᠭᠢᠭᠡᠳ ᠵᠣᠣ ᠨᠠᠰᠤᠲᠠᠨ ᠰᠠᠯᠤᠯᠴᠠᠭᠠᠳ 60 ᠵᠢᠯ ᠪᠣᠯᠤᠭᠰᠠᠨ ᠠᠬ᠎ᠠ ᠡᠭᠡᠴᠢ ᠲᠠᠢ ᠪᠠᠨ ᠬᠠᠯᠠᠭᠤᠨ ᠨᠢᠯᠪᠤᠰᠤ ᠪᠠᠨ ᠮᠡᠯᠲᠡᠭᠡᠨᠡᠭᠦᠯᠦᠨ  ᠵᠣᠯᠭᠠᠵᠤ᠂ ᠲᠡᠬᠦᠨ ᠤ 60 ᠵᠢᠯ ᠤᠨ ᠲᠤᠷᠰᠢᠬᠢ ᠡᠷᠢᠯ ᠬᠦᠰᠡᠯ ᠨᠢ ᠠᠷᠠᠳ ᠤᠨ ᠴᠠᠭᠳᠠᠭ᠎ᠠ ᠶᠢᠨ ᠬᠠᠪᠰᠤᠷᠤᠯᠭ᠎ᠠ ᠴᠢᠷᠮᠠᠶᠢᠯᠭ᠎ᠠ ᠳᠣᠣᠷ᠎ᠠ ᠪᠡᠶᠡᠯᠡᠭᠳᠡᠵᠡᠢ᠃     ᠡᠨᠡᠬᠦ ᠰᠡᠳᠬᠢᠯ ᠳᠣᠭᠳᠣᠯᠤᠭᠤᠯᠤᠭᠰᠠᠨ ᠠᠭᠤᠯᠵᠠᠯᠲᠠ ᠨᠢ ᠲᠠᠯ᠎ᠠ ᠨᠤᠲᠤᠭ ᠤᠨ ᠵᠣᠯ ᠵᠢᠷᠭᠠᠯᠲᠤ ᠰᠠᠬᠢᠨ ᠪᠠᠷᠠᠯᠠᠯ ᠪᠣᠯᠵᠤ ᠲᠠᠭᠠᠷᠠᠨ᠎ᠠ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号