ᠳᠡᠭᠡᠷ᠎ᠡ ᠬᠠᠭᠠᠰ ᠵᠢᠯ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2024/8/1
     ᠳᠡᠭᠡᠷ᠎ᠡ ᠬᠠᠭᠠᠰ ᠵᠢᠯ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠶᠢ ᠭᠦᠨᠵᠡᠭᠡᠢ ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾᠂ ︽ᠳᠤᠯᠤᠭ᠎ᠠ ᠶᠢ ᠵᠢᠱᠢᠶᠡᠴᠢᠯᠡᠬᠦ︾ ᠵᠡᠷᠭᠡ ᠣᠶᠢᠯᠠᠭᠠᠭᠳᠠᠬᠤᠨ ᠤ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠬᠠᠮᠲᠤ ᠪᠠᠷ ᠡᠭᠦᠳᠴᠦ ᠬᠠᠮᠲᠤᠷᠠᠨ ᠪᠠᠶᠢᠭᠤᠯᠬᠤ ᠠᠵᠢᠯᠯᠠᠭ᠎ᠠ ᠶᠢ 150 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠪᠦᠲᠦᠮᠵᠢᠲᠡᠢ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠨᠠᠢᠮᠠᠨ ᠨᠢᠭᠡ︾᠎ ᠶᠢᠨ ᠪᠠᠷᠢᠮᠵᠢᠶ᠎ᠠ ᠶᠣᠰᠣᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠵᠢᠱᠢᠶ᠎ᠡ ᠦᠵᠡᠭᠦᠯᠬᠦ ᠴᠢᠭ 11᠎ ᠶᠢ ᠪᠣᠶ ᠪᠤᠯᠭᠠᠪᠠ᠃ 2024 ᠣᠨ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ︶᠎ ᠶᠢ ᠲᠦᠯᠬᠢᠨ ᠠᠬᠢᠭᠤᠯᠬᠤ 389 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠠᠮᠵᠢᠯᠲᠠ ᠲᠠᠢ ᠡᠷᠡᠮᠡᠯᠵᠡᠯᠡᠨ ᠣᠯᠵᠤ᠂  ᠮᠠᠯ ᠠᠵᠤ ᠠᠬᠤᠢ ᠵᠢᠴᠢ ᠰᠣᠶᠣᠯ ᠵᠢᠭᠤᠯᠴᠢᠯᠠᠯ ᠤᠨ ᠣᠨᠴᠠᠯᠢᠭᠲᠤ ᠠᠵᠤ ᠦᠢᠯᠡᠰ ᠤᠨ 4 ᠲᠥᠷᠥᠯ ᠵᠦᠢᠯ ᠢ ᠳᠡᠮᠵᠢᠨ ᠬᠥᠭᠵᠢᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号