ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃
ᠨᠡᠶᠢᠲᠡᠯᠡᠭᠰᠡᠨ ᠴᠠᠭ᠄
2024/8/1
    ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠨᠡᠶᠢᠲᠡ 9 ᠤᠳᠠᠭ᠎ᠠ ᠬᠤᠷᠠᠯᠳᠤᠭᠤᠯᠵᠤ᠂ ᠭᠠᠵᠠᠷ ᠤᠨ ᠳᠡᠰ ᠤᠨ ᠤᠳᠤᠷᠢᠳᠤᠯᠭ᠎ᠠ ᠪᠦᠯᠬᠦᠮ ᠳᠠᠭᠠᠭᠤᠯᠤᠨ 55 ᠤᠳᠠᠭ᠎ᠠ ᠪᠠᠶᠢᠴᠠᠭᠠᠵᠤ᠂ ᠬᠠᠪᠤᠷ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠯᠳᠠ᠂  ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠬᠢᠵᠠᠭᠠᠷ ᠲᠠᠢ ᠣᠷᠣᠨ ᠵᠠᠢ ᠪᠠ ᠥᠨᠳᠥᠷ ᠭᠠᠵᠠᠷ ᠲᠤ ᠠᠵᠢᠯᠯᠠᠬᠤ ᠲᠤᠰᠬᠠᠢ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠡᠩ ᠤᠨ ᠠᠰᠠᠭᠤᠳᠠᠯ ᠤᠨ ᠭᠡᠮ ᠰᠣᠭᠤᠭ ᠢ ᠨᠡᠶᠢᠳᠡ 1666 ᠵᠦᠢᠯ᠂ ᠬᠦᠨᠳᠦ ᠶᠡᠭᠡ ᠭᠡᠮ ᠰᠣᠭᠤᠭ ᠢ 4 ᠵᠦᠢᠯ ᠪᠠᠶᠢᠴᠠᠭᠠᠨ ᠭᠠᠷᠭᠠᠵᠦ ᠴᠡᠭᠴᠡᠯᠡᠨ ᠵᠠᠰᠠᠵᠤ᠂ 3 ᠠᠵᠤ ᠠᠬᠤᠶᠢᠯᠠᠯ ᠢ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠵᠦ᠂ 18 ᠠᠵᠤ ᠠᠬᠤᠶᠢᠯᠠᠯ ᠢ ᠲᠣᠷᠭᠠᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ 32 ᠵᠦᠢᠯ ᠤᠨ ᠳᠠᠯᠳᠠ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠵᠤ᠂ 25 ᠤᠳᠠᠭᠠᠨ ᠤ ᠨᠤᠲᠤᠭ ᠪᠡᠯᠴᠢᠭᠡᠷ ᠤᠨ ᠭᠠᠯ ᠲᠦᠢᠮᠡᠷ ᠢ ᠴᠠᠭ ᠲᠤᠬᠠᠢ ᠳᠤᠨᠢ ᠰᠢᠢᠳᠪᠦᠷᠢᠯᠡᠨ ᠤᠨᠲᠠᠷᠠᠭᠠᠵᠤ᠂ ᠬᠦᠨᠳᠦ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠦᠭᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号