ᠳᠡᠭᠡᠷ᠎ᠡ ᠬᠠᠭᠠᠰ ᠵᠢᠯ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ
ᠨᠡᠶᠢᠲᠡᠯᠡᠭᠰᠡᠨ ᠴᠠᠭ᠄
2024/8/1
    ᠳᠡᠭᠡᠷ᠎ᠡ ᠬᠠᠭᠠᠰ ᠵᠢᠯ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ 1 ᠤᠳᠠᠭ᠎ᠠ ᠬᠤᠷᠠᠯᠳᠤᠭᠤᠯᠵᠤ᠂ ᠭᠠᠵᠠᠷ ᠤᠨ ᠲᠠᠰ ᠤᠨ ᠤᠳᠤᠷᠢᠳᠬᠤ ᠺᠠᠳ᠋ᠷ 23 ᠪᠦᠯᠦᠭ 55 ᠬᠥᠮᠥᠨ ᠤᠳᠠᠭ᠎ᠠ ᠶᠢᠨ ᠰᠣᠷᠪᠤᠯᠵᠢᠯᠠᠭ᠎ᠠ ᠶᠢ ᠭᠥᠯᠢᠶᠡᠨ ᠠᠪᠴᠤ᠂ 10 ᠬᠡᠷᠡᠭ ᠢ ᠳᠤᠷᠤᠭᠰᠢ ᠪᠠᠭᠤᠵᠤ ᠰᠤᠷᠪᠤᠯᠵᠢᠯᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ 18 ᠵᠦᠢᠯ ᠤᠨ ᠠᠩᠬᠠᠨ ᠤ ᠵᠠᠬᠢᠳᠠᠯ ᠰᠣᠷᠪᠤᠯᠵᠢᠯᠠᠭ᠎ᠠ ᠳᠤ ᠪᠦᠲᠦᠮᠵᠢᠲᠡᠶ ᠬᠠᠷᠢᠭᠤᠯᠲᠠ ᠥᠭᠴᠦ ᠡᠶᠡᠳᠡᠭᠦᠯᠦᠨ ᠰᠢᠢᠳᠪᠦᠷᠢᠯᠡᠵᠦ᠂ 1 ᠵᠦᠢᠯ ᠤᠨ ᠮᠤᠵᠢ ᠶᠢᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠵᠠᠬᠢᠳᠠᠯ ᠰᠤᠷᠪᠤᠯᠵᠢᠯᠠᠭ᠎ᠠ᠂ 2 ᠵᠦᠢᠯ ᠤᠨ ᠠᠶᠢᠮᠠᠭ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠵᠠᠬᠢᠳᠠᠯ ᠰᠤᠷᠪᠤᠯᠵᠢᠯᠠᠭ᠎ᠠ᠂ 3 ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ ᠳᠠᠭᠤᠰᠬᠠᠪᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠯ᠎ᠡ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠴᠤᠩᠬᠤ ᠨᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠡᠶᠢᠳᠡ 58 ᠬᠤᠪᠢ ᠬᠦᠯᠢᠶᠡᠨ ᠠᠪᠴᠤ ᠰᠢᠢᠳᠪᠦᠷᠢᠯᠡᠨ᠂ ᠪᠥᠬᠦᠳᠡ ᠶᠢ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠪᠠ᠃ ᠵᠠᠰᠠᠭ ᠤᠨ ᠣᠷᠳᠣᠨ ᠤ ᠲᠠᠯᠳᠠ ᠥᠭᠴᠡᠭᠡ ᠶᠢ ︽ᠪᠦᠬᠦᠨ ᠢ ᠠᠷᠢᠯᠭᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠥᠰᠥᠪ ᠲᠤ 1.72 ᠳ᠋ᠦᠩᠰᠢᠭᠤᠷ ᠲᠥᠭᠦᠷᠢᠭ ᠤᠨ ᠥᠷᠢ ᠲᠥᠯᠥᠬᠦ ᠪᠡᠯᠡ ᠮᠥᠩᠭᠦ ᠶᠢ ᠲᠣᠬᠢᠷᠠᠭᠤᠯᠵᠤ᠂ ᠬᠤᠭᠤᠴᠠᠭ᠎ᠠ ᠲᠤᠯᠤᠭᠰᠠᠨ ᠥᠭᠴᠡᠭᠡ ᠶᠢᠨ ᠡᠬᠡ ᠬᠦᠦ ᠮᠥᠩᠭᠦ ᠶᠢ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠲᠥᠯᠥᠬᠦ ᠶᠢ ᠦᠨᠡᠨᠬᠦ ᠪᠠᠲᠤᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号