ᠬᠤᠲᠠ ᠳᠠᠬᠢ ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠤᠨ ᠲᠤᠷᠰᠢᠯᠲᠠ ᠶᠢᠨ ᠴᠡᠭ ᠤᠨ ᠰᠠᠨᠠᠭᠤᠯᠤᠮᠵᠢ
ᠨᠡᠶᠢᠲᠡᠯᠡᠭᠰᠡᠨ ᠴᠠᠭ᠄
2024/8/12
     ᠲᠠᠨ ᠤ   ᠬᠢᠨ ᠪᠠᠭᠲᠠᠨ᠎ᠠ ᠦᠦ︖ ᠬᠤᠳᠠᠯᠳᠤᠭᠠᠨ ᠤ ᠶᠠᠪᠤᠳᠠᠯ ᠤᠨ ᠶᠠᠮᠤᠨ 15 ᠲᠤᠷᠰᠢᠯᠲᠠ ᠶᠢᠨ ᠭᠠᠵᠠᠷ ᠣᠷᠣᠨ ᠢ ᠵᠠᠷᠯᠠᠨ ᠨᠡᠶᠢᠲᠡᠯᠡᠪᠡ      ᠬᠤᠳᠠᠯᠳᠤᠭᠠᠨ ᠤ ᠶᠠᠪᠤᠳᠠᠯ ᠤᠨ ᠶᠠᠮᠤᠨ ᠣᠶᠢᠷ᠎ᠠ ᠳᠤ 15 ᠭᠠᠵᠠᠷ ᠣᠷᠣᠨ ᠢ ᠬᠤᠲᠠ ᠳᠠᠬᠢ ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠤᠨ ᠲᠦᠷᠦᠭᠦᠸ ᠪᠦᠯᠦᠭ ᠪᠥᠬᠦ ᠣᠷᠣᠨ ᠪᠦᠰᠡ ᠪᠠᠷ ᠠᠬᠢᠭᠤᠯᠬᠤ ᠬᠤᠰᠢᠭᠤᠴᠢ ᠣᠷᠣᠨ ᠤ ᠲᠤᠷᠰᠢᠯᠲᠠ ᠶᠢᠨ ᠴᠡᠭ ᠪᠣᠯᠭᠠᠬᠤ ᠬᠡᠮᠡᠨ ᠵᠠᠷᠯᠠᠨ ᠨᠡᠶᠢᠲᠡᠯᠡᠪᠡ᠃ ᠲᠦᠷᠦᠭᠦᠦ ᠪᠦᠯᠦᠭ ᠪᠦᠬᠦ ᠣᠷᠣᠨ ᠪᠦᠰᠡ ᠪᠠᠷ ᠠᠬᠢᠭᠤᠯᠬᠤ ᠬᠤᠰᠢᠭᠤᠴᠢ ᠣᠷᠣᠨ ᠤ ᠲᠤᠷᠰᠢᠯᠲᠠ ᠶᠢᠨ ᠴᠡᠭ ᠨᠢ ᠬᠤᠶᠠᠷ ᠵᠢᠯ ᠤᠨ ᠬᠤᠭᠤᠴᠠᠭ᠎ᠠ ᠶᠢ ᠠᠰᠢᠭᠯᠠᠵᠤ ᠪᠠᠶᠢᠭᠠᠳ ᠬᠤᠳᠠ ᠶᠢᠨ ᠭᠤᠣᠯ ᠪᠣᠯᠬᠤ ᠲᠣᠭᠤᠷᠢᠭ ᠲᠤ ᠪᠠᠨ ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠦᠨ᠎ᠡ᠃ ᠡᠨᠡ 15 ᠲᠤᠷᠰᠢᠯᠲᠠ ᠶᠢᠨ ᠭᠠᠵᠠᠷ ᠣᠷᠣᠨ ᠪᠣᠯ ᠪᠡᠭᠡᠵᠢᠩ ᠬᠤᠲᠠ ᠶᠢᠨ ᠳ᠋ᠦ᠋ᠩᠴᠸᠡᠭ ᠲᠣᠭᠤᠷᠢᠭ᠂ ᠪᠡᠭᠡᠵᠢᠩ ᠬᠤᠳᠠ ᠶᠢᠨ ᠰᠢᠴᠸᠡᠭ ᠲᠣᠭᠤᠷᠢᠭ᠂ ᠲᠢᠶᠠᠨᠵᠢᠨ ᠬᠤᠳᠠ ᠶᠢᠨ ᠪᠢᠨ ᠬᠠᠢ ᠰᠢᠨ᠎ᠡ ᠲᠣᠭᠤᠷᠢᠭ᠂ ᠾᠧᠪᠧᠢ ᠮᠤᠵᠢ ᠶᠢᠨ ᠱᠢ ᠵᠢᠶᠠ ᠵᠤᠸᠠᠩ ᠬᠤᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ᠂ ᠬᠠᠷᠠᠮᠥ᠋ᠷᠡᠨ ᠮᠤᠵᠢ ᠶᠢᠨ ᠵᠠᠮᠰᠣ ᠬᠤᠳᠠ᠂ ᠵᠢᠶᠠᠩᠰᠤ ᠮᠤᠵᠢ ᠶᠢᠨ ᠨᠠᠨᠵᠢᠩ ᠬᠤᠳᠠ᠂ ᠵᠧᠵᠢᠶᠠᠩ ᠮᠤᠵᠢ ᠶᠢᠨ ᠸᠧᠨᠵᠸᠤ ᠬᠤᠳᠠ᠂ ᠱᠠᠨᠳᠦ᠋ᠩ ᠮᠤᠵᠢ ᠶᠢᠨ ᠵᠢᠨᠠᠨ ᠬᠤᠳᠠ᠂ ᠾᠧᠨᠠᠨ ᠮᠤᠵᠢ ᠶᠢᠨ ᠾᠧ ᠪᠢ ᠬᠤᠳᠠ᠂ ᠬᠤᠪᠧᠢ ᠮᠤᠵᠢ ᠶᠢᠨ ᠦᠬᠠᠨ ᠬᠤᠳᠠ᠂ ᠬᠠᠶᠢᠨᠠᠨ ᠮᠤᠵᠢ ᠶᠢᠨ ᠰᠠᠨᠶᠠ ᠬᠤᠳᠠ᠂ ᠴᠦᠩᠴᠢᠩ ᠬᠤᠳᠠ ᠶᠢᠨ ᠯᠢᠶᠠᠩ ᠵᠢᠶᠠᠩ ᠰᠢᠨ᠎ᠡ ᠲᠣᠭᠤᠷᠢᠭ᠂ ᠭᠠᠨᠰᠤ ᠮᠤᠵᠢ ᠶᠢᠨ ᠯᠠᠨᠵᠧᠦ ᠬᠤᠳᠠ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ ᠬᠤᠲᠠ ᠪᠣᠯᠣᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号