ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠬᠤᠷᠠᠯ ᠬᠤᠷᠠᠯᠳᠤᠪᠠ  ᠼᠤᠤ ᠸᠧᠢ ᠰᠢᠩ  ᠬᠦᠦᠳᠠᠭᠤᠯᠠ ᠶᠠᠷᠢᠶ᠎ᠠ ᠲᠠᠯᠪᠢᠵᠤ ᠰᠦᠨ ᠵᠢᠶᠦ᠋ᠨ ᠴᠢᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/8/13
    8 ᠳ᠋ᠤᠭᠠᠷ ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠬᠤᠷᠠᠯ ᠬᠥᠬᠡᠬᠤᠲᠠᠨ᠎ᠠ ᠬᠤᠷᠠᠯᠳᠤᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠼᠤᠤ ᠸᠧᠢ ᠰᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠭᠰᠠᠨ ᠪᠥᠭᠡᠳ ᠲᠤᠰ ᠪᠦᠷᠢ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠰᠦᠨ ᠵᠢᠶᠦ᠋ᠨ ᠴᠢᠩ ᠬᠤᠷᠠᠯ ᠳᠤ ᠣᠷᠣᠯᠴᠠᠭᠰᠠᠨ ᠪᠠᠶᠢᠨ᠎ᠠ᠃      ᠼᠤᠤ ᠸᠧᠢ ᠰᠢᠩ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ ᠪᠠᠷ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠨᠢ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠪᠣᠯᠤᠭᠰᠠᠨ ᠤ ᠬᠤᠪᠢ ᠳᠤ ᠡᠭᠦᠷᠭᠡ ᠴᠢᠳᠠᠪᠬᠢ ᠪᠠᠨ ᠰᠠᠶᠢᠲᠤᠷ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      ᠬᠦᠦᠳᠠᠭᠤᠯᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠨ ᠣᠷᠣᠬᠤ ᠳᠤ ᠨᠡᠩ ᠶᠡᠭᠡ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃      ᠬᠤᠷᠠᠯ ᠳᠡᠭᠡᠷ᠎ᠡ ᠲᠡᠷᠢᠭᠦᠨ ᠤ ᠬᠠᠮᠲᠤ ᠨᠡᠶᠢᠲᠡ᠂ ᠬᠤᠪᠢ ᠬᠥᠮᠥᠨ ᠪᠠ ︽ᠠᠷᠠᠳᠴᠢᠯᠠᠭᠰᠠᠨ ᠬᠤᠯᠪᠤᠭ᠎ᠠ ᠳᠤ ᠣᠷᠣᠭᠰᠠᠨ ᠢᠷᠠᠭᠤ ᠠᠯᠳᠠᠷᠲᠤ 40 ᠵᠢᠯ︾ ᠤᠨ ᠬᠤᠯᠪᠣᠭᠠᠨ ᠤ ᠭᠡᠰᠢᠭᠦᠳ ᠢ ᠬᠥᠬᠢᠭᠦᠯᠦᠨ ᠰᠠᠶᠢᠰᠢᠶᠠᠪᠠ᠃ ᠲᠡᠷᠡ ᠡᠳᠦᠷ ᠨᠢ ᠪᠠᠰᠠ ᠤᠷᠠᠨ ᠵᠢᠷᠤᠭ ᠤᠨ ᠦᠵᠡᠰᠬᠦᠯᠡᠩ ᠪᠠ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠵᠠᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号