ᠮᠠᠨ ᠤ ᠠᠶᠢᠮᠠᠭ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠤᠷᠤᠭᠰᠢᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/13
    ᠮᠠᠨ ᠤ ᠠᠶᠢᠮᠠᠭ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠨᠠᠶᠢᠳᠠᠪᠤᠷᠢᠵᠢᠭᠤᠯᠬᠤ ᠭᠤᠣᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ︽ᠲᠡᠷᠢᠭᠦᠨ ᠴᠢᠬᠤᠯᠠ ᠢᠨᠵᠧᠨᠧᠷᠢᠩ︾ ᠪᠠ ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ︾ ᠪᠣᠯᠭᠠᠨ ᠦᠷ᠎ᠡ ᠪᠦᠳᠦᠮᠵᠢᠳᠠᠢ ᠠᠬᠢᠭᠤᠯᠪᠠ᠃         ᠤᠯᠤᠰ ᠤᠨ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠣᠰᠣᠭᠠᠷ᠂ 2030 ᠣᠨ ᠪᠣᠯᠬᠤ ᠳᠤ ᠮᠠᠨ ᠤ ᠠᠶᠢᠮᠠᠭ ᠤᠨ ᠵᠠᠰᠠᠯᠲᠠ ᠶᠢᠨ ᠶᠡᠷᠦᠩᠬᠡᠢ ᠡᠭᠦᠷᠭᠡ 3710 ᠲᠦᠮᠡᠨ ᠮᠦ ᠭᠦᠷᠦᠨ᠎ᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠮᠠᠨ ᠤ ᠠᠶᠢᠮᠠᠭ ︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ ︵2024 - 2030 ᠣᠨ︶︾ ᠵᠢᠴᠢ 2024 ᠣᠨ ᠤ ᠬᠡᠷᠡᠭᠵᠢᠭᠦᠯᠬᠦ ᠲᠥᠰᠥᠯ ᠢ ᠲᠣᠭᠲᠠᠭᠠᠪᠠ᠃ ᠨᠢᠭᠡ ᠴᠣᠭᠴᠠᠵᠢᠭᠤᠯᠤᠨ ᠵᠠᠰᠠᠬᠤ ᠪᠠᠷᠢᠮᠵᠢᠶ᠎ᠠ ᠶᠣᠰᠣᠭᠠᠷ᠂ 2030 ᠣᠨ ᠪᠣᠯᠬᠤ ᠳᠤ 142.8 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ ᠡᠭᠦᠨ ᠳᠤ 2024 ᠣᠨ ᠳᠤ 43.6 ᠲᠦᠮᠡᠨ ᠮᠦ ᠡᠯᠡᠰᠦᠷᠬᠡᠭ ᠭᠠᠵᠠᠷ ᠢ ᠵᠠᠰᠠᠨ᠎ᠠ︔ 2024-2030 ᠣᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 890 ᠲᠦᠮᠡᠨ ᠺᠢᠯᠣᠸᠠᠲ ᠭᠦ᠋ᠷᠭᠡᠵᠦ᠂ ᠡᠭᠦᠨ ᠳᠤ 2024 ᠣᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 270 ᠲᠦᠮᠡᠨ ᠺᠢᠯᠣᠸᠠᠲ ᠬᠦᠷᠭᠡᠨ᠎ᠡ᠃ ᠡᠭᠦᠨ ᠠᠴᠠ ᠭᠠᠳᠠᠨ᠎ᠠ᠂ ᠬᠡᠷᠡᠯᠴᠢ ᠴᠡᠨᠡᠭ ᠤᠨ ᠲᠥᠷᠥᠯ ᠵᠦᠢᠯ ᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ︽ᠲᠠᠪᠤᠨ ᠣᠷᠣᠨ ᠬᠤᠶᠠᠷ ᠪᠦᠰᠡ︾ ᠶᠢᠨ ᠬᠡᠪᠴᠢᠶᠡᠨ ᠳᠤ ᠭᠤᠣᠯᠳᠠᠯᠭ᠎ᠠ ᠲᠠᠢ ᠪᠠᠶᠢᠷᠢᠰᠢᠭᠤᠯᠤᠨ᠎ᠠ᠃ ᠣᠳᠣᠬᠠᠨ ᠳᠤ᠂ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ 16.1 ᠲᠦᠮᠡᠨ ᠮᠦ ᠪᠡᠶᠡᠯᠡᠭᠦᠯᠬᠦ ᠶᠢᠨ ᠬᠠᠮᠲᠤ 2024 ᠣᠨ ᠳᠤ ᠬᠡᠷᠡᠭᠵᠢᠭᠦᠯᠬᠦ ᠪᠠᠷ ᠪᠠᠶᠢᠭ᠎ᠠ ᠰᠢᠨ᠎ᠡ ᠡᠨᠧᠷᠭᠢ ᠶᠢᠨ ᠲᠥᠷᠥᠯ ᠵᠦᠢᠯ ᠢ ᠨᠢᠭᠡᠨᠲᠡ ᠪᠦᠬᠦᠨ ᠢ ᠨᠠᠷᠢᠨ ᠪᠠᠶᠢᠴᠠᠭᠠᠵᠤ ᠳᠠᠭᠤᠰᠬᠠᠪᠠ᠂ ᠡᠨᠡ ᠨᠢ 9 ᠬᠤᠰᠢᠭᠤ ᠰᠢᠶᠠᠨ ᠳᠤ ᠬᠤᠯᠪᠣᠭᠳᠠᠵᠤ᠂ ᠶᠡᠷᠦᠩᠬᠡᠢ ᠲᠠᠯᠠᠪᠠᠶ ᠨᠢ 100 ᠲᠦᠮᠡᠨ ᠮᠦ ᠪᠣᠯᠣᠨ᠎ᠠ᠃           ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾ ᠮᠥᠨ ᠭᠡᠵᠦ ᠵᠢᠭᠠᠵᠤ ᠭᠠᠷᠭᠠᠪᠠ᠃ ᠲᠣᠰ ᠵᠢᠯ ᠤᠨ 10 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾  ᠢ ᠳᠠᠷᠤᠮᠠᠯᠯᠠᠨ ᠲᠠᠷᠬᠠᠭᠠᠵᠤ᠂ ︽ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠣᠯ ᠡᠭᠦᠷᠭᠡ ᠪᠣᠯᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠳᠤ ᠬᠦᠴᠦᠨ ᠢᠶᠠᠨ ᠲᠥᠪᠯᠡᠷᠡᠭᠦᠯᠦᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠬᠦ ᠬᠡᠷᠡᠭᠲᠡᠢ︾ ᠭᠡᠵᠦ ᠳᠤᠷᠠᠳᠤᠨ ᠭᠠᠷᠭᠠᠪᠠ᠃           ᠬᠡᠷᠬᠢᠨ ᠨᠣᠭᠤᠭᠠᠷᠠᠭᠤᠯᠤᠯᠲᠠ ᠶᠢ ᠠᠬᠢᠭᠤᠯᠵᠤ ᠡᠯᠡᠰᠦ ᠶᠢ ᠤᠬᠤᠷᠢᠭᠤᠯᠬᠤ ᠪᠤᠢ︖ ᠮᠠᠨ ᠤ ᠠᠶᠢᠮᠠᠭ ︽ᠡᠯᠡᠰᠦᠨ ᠴᠦᠯ ᠭᠤᠪᠢ ᠴᠦᠯᠯᠡᠷᠭᠡᠭ ᠣᠷᠣᠨ︾ ᠳᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠷᠢᠯᠠᠭᠤᠯᠵᠤ᠂ ᠭᠠᠵᠠᠷ ᠰᠢᠷᠣᠢ᠂ ᠨᠡᠷᠡᠨ ᠤ ᠡᠨᠧᠷᠭᠢ᠂ ᠰᠠᠯᠬᠢᠨ ᠡᠨᠧᠷᠭᠢ ᠵᠡᠷᠭᠡ ᠣᠯᠠᠨ ᠵᠦᠢᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ ᠳᠠᠬᠢᠯᠲᠠ ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠪᠤᠢ᠃ ᠡᠭᠦᠨ ᠤ ᠬᠠᠮᠲᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠰᠠᠯᠬᠢ ᠭᠡᠷᠡᠯ ᠤᠨ ᠲᠥᠷᠥᠯ ᠵᠦᠢᠯ ᠤᠨ ᠠᠰᠢᠭ ᠣᠷᠣᠯᠭ᠎ᠠ ᠶᠢ ᠵᠦᠢ ᠵᠣᠬᠢᠰᠲᠠᠢ ᠭᠠᠷᠭᠠᠨ ᠠᠪᠴᠤ ᠡᠯᠡᠰᠦᠷᠬᠡᠭ ᠭᠠᠵᠠᠷ ᠢ ᠵᠠᠰᠠᠬᠤ ᠳᠤ ᠬᠡᠷᠡᠭᠯᠡᠨ᠂ ᠡᠯᠡᠰᠦᠷᠬᠡᠭ ᠭᠠᠵᠠᠷ ᠤᠨ ᠴᠢᠨᠠᠷ ᠰᠠᠶᠢᠲᠠᠢ ᠰᠠᠯᠬᠢ ᠭᠡᠷᠡᠯ ᠤᠨ ᠡᠬᠢ ᠪᠠᠶᠠᠯᠢᠭ ᠢ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠡᠯᠡ ᠮᠥᠩᠭᠦ ᠪᠣᠯᠭᠠᠨ ᠬᠤᠪᠢᠷᠠᠭᠤᠯᠵᠤ᠂ ᠣᠯᠠᠨ ᠡᠰᠢᠵᠢᠭᠰᠡᠨ᠂ ᠨᠡᠶᠢᠭᠡᠮᠴᠢᠯᠡᠭᠰᠡᠨ ᠣᠷᠣᠭᠤᠯᠤᠯᠲᠠ ᠶᠢ ᠪᠡᠶᠡᠯᠡᠭᠦᠯᠵᠦ ᠪᠤᠢ᠃ ᠭᠠᠵᠠᠷ ᠲᠦᠷᠢᠶᠡᠰᠦᠯᠡᠨ ᠡᠯᠡᠰᠦ ᠶᠢ ᠵᠠᠰᠠᠬᠤ᠂ ᠭᠠᠵᠠᠷ ᠰᠢᠷᠣᠢ ᠶᠢᠨ ᠨᠥᠬᠦᠪᠦᠷᠢ ᠥᠭᠬᠦ ᠵᠡᠷᠭᠡ ᠵᠠᠭᠪᠤᠷ ᠢ ᠬᠡᠷᠡᠭᠵᠢᠭᠦᠯᠦᠨ᠂ ᠮᠠᠯᠴᠢᠨ ᠲᠠᠷᠢᠶᠠᠴᠢᠨ ᠢ ᠡᠯᠡᠰᠦᠷᠬᠡᠭ ᠭᠠᠵᠠᠷ ᠠᠴᠠ ᠰᠢᠯᠵᠢᠭᠦᠯᠦᠨ ᠭᠠᠷᠭᠠᠵᠤ᠂ ᠡᠯᠡᠰᠦᠷᠬᠡᠭ ᠭᠠᠵᠠᠷ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠭᠦᠯᠬᠦ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠨᠳᠦᠰᠦᠨ ᠠᠴᠠ ᠨᠢ ᠪᠠᠲᠤᠯᠠᠵᠤ ᠪᠤᠢ᠃ ᠡᠭᠦᠨ ᠠᠴᠠ ᠭᠠᠳᠠᠨ᠎ᠠ᠂ ᠰᠠᠯᠬᠢᠨ ᠬᠦᠴᠦᠨ ᠤ ᠴᠠᠬᠢᠯᠭᠠᠨ᠂ ᠬᠡᠷᠡᠯᠴᠢ ᠴᠡᠨᠡᠭ᠂ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠡᠯ ᠪᠠ ︽ᠪᠣᠬᠢᠷᠲᠤᠯ ᠦᠭᠡᠢ ᠴᠠᠬᠢᠯᠭᠠᠨ + ᠴᠢᠨᠠᠷ ᠰᠠᠶᠢᠲᠠᠢ ᠡᠨᠧᠷᠭᠢ ᠶᠢᠨ ᠠᠴᠢᠶ᠎ᠠ︾ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠠᠶᠢᠴᠢᠯᠠᠵᠦ᠂ ᠪᠣᠬᠢᠷᠲᠤᠯ ᠦᠭᠡᠢ ᠴᠠᠬᠢᠯᠭᠠᠨ ᠢ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ᠂ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号