ᠤᠯᠠᠭᠠᠡᠬᠠᠭᠠᠯᠭ᠎ᠠ ᠰᠣᠮᠣᠨ ᠤ ᠡᠷᠦᠬᠡ ᠶᠢᠨ ᠴᠡᠷᠢᠭ ᠬᠠᠤᠯᠢ ᠪᠤᠰᠤ ᠪᠠᠷ  ᠬᠡᠭᠡᠷ᠎ᠡ ᠶᠢᠨ ᠡᠮᠳᠦ ᠤᠷᠭᠤᠮᠠᠯ ᠮᠠᠯᠲᠠᠬᠰᠠᠨ ᠭᠡᠷᠡᠭ ᠢ ᠲᠤᠭᠤᠷᠢᠨ ᠪᠠᠶᠢᠴᠠᠭᠠᠵᠦ ᠴᠢᠩᠭ᠎ᠠ ᠴᠣᠬᠢᠯᠲᠠ ᠥᠭᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/8/14
     ᠬᠠᠳᠤᠯᠠᠩ ᠪᠡᠯᠴᠢᠭᠡᠷ ᠢᠶᠠᠨ ᠪᠦᠲᠦᠮᠵᠢᠲᠡᠶ ᠬᠠᠮᠠᠭᠠᠯᠠᠬᠤ ᠶᠢᠨ ᠲᠤᠰᠠᠳᠠ᠂ ᠤᠯᠠᠭᠠᠡᠬᠠᠭᠠᠯᠭ᠎ᠠ ᠰᠣᠮᠣᠨ ᠤ ᠡᠷᠦᠬᠡ ᠶᠢᠨ ᠴᠡᠷᠢᠭ ᠤᠨ ᠬᠤᠯᠪᠤᠭᠠᠳᠦ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠡᠯᠴᠢᠭᠡᠷ ᠬᠠᠳᠤᠯᠠᠩ ᠤᠨ ᠡᠮ ᠳᠤ ᠭᠡᠷᠡᠭᠯᠡᠬᠦ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠬᠠᠷᠢᠶ᠎ᠠ ᠣᠷᠣᠨ ᠤ ᠪᠠᠨ ᠠᠷᠤᠬᠤᠰᠢᠭᠤ ᠭᠠᠴᠠᠭ᠎ᠠ᠂ ᠪᠠᠶᠠᠨᠨᠠᠭᠤᠷ ᠭᠠᠴᠠᠭ᠎ᠠ᠂ ᠡᠷᠢᠶᠡᠨᠨᠠᠭᠤᠷ ᠭᠠᠴᠠᠭ᠎ᠠ ᠪᠤᠯᠤᠨ ᠲᠠᠪᠤᠰᠤᠳᠦ ᠭᠠᠴᠠᠭᠠᠨ ᠤ ᠪᠡᠯᠴᠢᠭᠡᠷ ᠬᠠᠳᠤᠯᠠᠩ ᠳᠤ ᠬᠡᠭᠡᠷ᠎ᠡ ᠶᠢᠨ ᠡᠮᠳᠦ ᠤᠷᠭᠤᠮᠠᠯ ᠢ ᠬᠤᠯᠠᠭᠠᠢ ᠪᠠᠷ ᠮᠠᠯᠲᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠢᠳᠡᠪᠬᠢᠲᠡᠢ ᠴᠣᠬᠢᠯᠲᠠ ᠥᠭᠬᠦ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠳᠤ᠂ ᠤᠯᠠᠭᠠᠡᠬᠠᠭᠠᠯᠭ᠎ᠠ ᠰᠤᠮᠤ ᠨᠢ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠤᠮᠤᠨ ᠤ ᠪᠠᠨ ᠬᠠᠷᠢᠶ᠎ᠠ ᠣᠷᠣᠨ ᠳᠠᠬᠢ ᠬᠡᠭᠡᠷ᠎ᠡ ᠶᠢᠨ ᠡᠮᠳᠦ ᠤᠷᠭᠤᠮᠠᠯ ᠲᠦᠪᠯᠡᠷᠡᠩᠭᠦᠢ ᠤᠷᠭᠤᠵᠤ ᠪᠠᠶᠢᠭ᠎ᠠ ᠭᠠᠵᠡᠷ ᠎ ᠲᠤ ᠬᠠᠤᠯᠢ ᠪᠤᠰᠤ ᠪᠠᠷ ᠮᠠᠯᠲᠠᠬᠤ᠂ ᠵᠥᠭᠡᠭᠡᠪᠦᠷᠢᠯᠡᠬᠦ᠂ ᠬᠤᠳᠠᠯᠳᠤᠨ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠨᠡᠶᠢᠳᠡᠮ ᠤᠨ ᠴᠢᠨᠡᠷᠳᠡᠢ ᠲᠣᠭᠤᠷᠢᠨ ᠪᠠᠶᠢᠴᠠᠭᠠᠯᠲᠠ ᠬᠢᠵᠠᠢ᠃    ᠳᠠᠷᠠᠭ᠎ᠠ ᠠᠯᠬᠤᠮ ᠳᠤ᠂ ᠤᠯᠠᠭᠠᠡᠬᠠᠭᠠᠯᠭ᠎ᠠ ᠰᠤᠮᠤ ᠨᠢ ᠬᠡᠭᠡᠷ᠎ᠡ ᠶᠢᠨ ᠡᠮᠳᠦ ᠤᠷᠭᠤᠮᠠᠯ ᠢ ᠬᠤᠯᠠᠭᠠᠢ ᠪᠠᠷ ᠮᠠᠯᠲᠠᠬᠤ ᠦᠶᠯᠡ ᠠᠵᠢᠯᠯᠠᠭ᠎ᠠ ᠪᠠ ᠬᠡᠭᠡᠷ᠎ᠡ ᠶᠢᠨ ᠡᠮᠳᠦ ᠤᠷᠭᠤᠮᠠᠯ ᠤᠨ ᠡᠬᠢ ᠪᠠᠶᠠᠯᠢᠭ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠶᠢ ᠤᠯᠠᠮ ᠴᠢᠨᠠᠭᠰᠢᠳᠠ ᠴᠢᠩᠭᠠᠳᠬᠠᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号