ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠠᠨᠠᠭᠠᠬᠤ ᠤᠬᠠᠭᠠᠨ ᠤ ᠨᠡᠷᠡᠲᠦ ᠡᠮᠴᠢ ᠳ᠋ᠦᠩ ᠰᠠᠨᠠᠭᠠᠪᠠᠭᠠᠲᠤᠷ ᠫᠷᠤᠹᠧᠰᠰᠤᠷ ᠢ  ᠣᠷᠢᠨ ᠡᠮᠴᠢᠯᠡᠭᠦᠯᠪᠡ
ᠨᠡᠶᠢᠲᠡᠯᠡᠭᠰᠡᠨ ᠴᠠᠭ᠄
2024/8/14
   ᠠᠷᠠᠳ ᠣᠯᠠᠨ ᠤ ᠡᠪᠡᠳᠴᠢᠨ ᠦᠵᠡᠭᠦᠯᠬᠦ ᠦᠢᠯᠡᠴᠢᠯᠡᠭᠡᠨ ᠤ ᠬᠡᠷᠡᠭᠴᠡᠭᠡ ᠶᠢ ᠭᠦᠢᠴᠡᠳ ᠬᠠᠩᠭᠠᠬᠤ ᠶᠢᠨ ᠲᠤᠰᠠᠳᠠ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ︾ ᠪᠠᠶᠢᠬᠤ ᠲᠣᠪᠣᠶᠢᠮ᠎ᠠ ᠠᠰᠠᠭᠤᠳᠠᠯ ᠳᠤ ᠬᠠᠨᠳᠤᠭᠤᠯᠤᠨ᠂ 8 ᠰᠠᠷ᠎ᠠ ᠶᠢᠨ 5  ᠠᠴᠠ 7 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠬᠠᠮᠠᠷ ᠤᠨ ᠦᠷᠪᠢᠰᠦᠯ᠂ ᠪᠠᠮᠪᠠᠢ ᠪᠤᠯᠴᠢᠷᠬᠠᠢ ᠶᠢᠨ ᠡᠪᠡᠳᠴᠢᠨ ᠤ ᠠᠯᠳᠠᠷᠲᠤ ᠲᠤᠰᠬᠠᠢ ᠮᠡᠷᠭᠡᠵᠢᠯᠲᠡᠨ ᠳ᠋ᠦᠩ ᠰᠠᠨᠠᠭᠠᠪᠠᠭᠠᠲᠤᠷ ᠫᠷᠤᠹᠧᠰᠰᠤᠷ ᠢ ᠣᠷᠢᠨ ᠡᠮᠴᠢᠯᠡᠭᠦᠯᠪᠡ  ᠃
     ᠳ᠋ᠦᠩ ᠰᠠᠨᠠᠪᠠᠭᠠᠲᠤᠷ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠠᠨᠠᠭᠠᠬᠤ ᠤᠬᠠᠭᠠᠨ ᠤ ᠨᠡᠷᠡᠲᠦ ᠡᠮᠴᠢ᠂ ᠡᠷᠬᠢᠯᠡᠭᠴᠢ ᠡᠮᠴᠢ᠂ ᠫᠷᠤᠹᠧᠰᠰᠤᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠪᠣᠯᠬᠤ ︽ᠮᠣᠩᠭᠤᠯ ᠡᠮᠨᠡᠯᠭᠡ ᠶᠢᠨ ᠬᠠᠮᠠᠷ ᠤᠲᠤᠬᠤ ᠵᠠᠰᠠᠯ︾ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠣᠯᠣᠨ᠎ᠠ᠃ ᠲᠡᠷᠡᠪᠡᠷ ᠴᠣᠯ ᠪᠠᠶᠢᠭᠠᠯᠢᠯᠢᠭ ᠮᠣᠩᠭᠤᠯ ᠡᠮ ᠢᠶᠠᠷ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ᠂ ᠡᠯ᠎ᠡ ᠵᠦᠢᠯ ᠤᠨ ᠬᠠᠮᠠᠷ ᠤᠨ ᠬᠥᠨᠳᠡᠢ ᠶᠢᠨ ᠡᠪᠡᠳᠴᠢᠨ᠂ ᠪᠠᠮᠪᠠᠢ ᠪᠤᠯᠴᠢᠷᠬᠠᠢ ᠶᠢᠨ ᠡᠪᠡᠳᠴᠢᠨ᠂ ᠵᠢᠷᠦᠬᠡᠨ ᠡᠪᠡᠳᠴᠢᠨ᠂ ᠬᠤᠳᠣᠭᠤᠳᠤᠨ ᠤ ᠡᠪᠡᠳᠴᠢᠨ᠂ ᠬᠥᠯ ᠨᠢᠷᠤᠭᠤ ᠡᠪᠡᠳᠬᠦ᠂ ᠨᠣᠶᠢᠷ ᠬᠤᠯᠵᠢᠬᠤ ᠵᠡᠷᠭᠡ ᠡᠪᠡᠳᠴᠢᠨ ᠢ ᠡᠮᠨᠡᠵᠦ᠂ ᠢᠯᠡᠷᠬᠡᠢ ᠡᠮᠴᠢᠯᠡᠭᠡᠨ ᠤ ᠦᠷ᠎ᠡ ᠪᠦᠲᠦᠮᠵᠢ ᠣᠯᠣᠭᠰᠠᠨ ᠪᠠᠶᠢᠨ᠎ᠠ᠃
   ᠡᠮᠴᠢᠯᠡᠭᠡᠨ ᠤ ᠬᠤᠭᠤᠴᠠᠭᠠᠨ ᠳᠤ  ᠂ ᠳ᠋ᠦᠩ ᠰᠠᠨᠠᠪᠠᠭᠠᠲᠤᠷ ᠫᠷᠤᠹᠧᠰᠰᠤᠷ ᠰᠤᠳᠠᠯ ᠪᠠᠷᠢᠬᠤ ᠶᠢᠨ ᠳᠠᠭᠠᠤ ᠡᠪᠡᠳᠴᠢᠲᠡᠨ  ᠤ ᠡᠪᠡᠳᠴᠢᠨ ᠤ ᠪᠠᠶᠢᠳᠠᠯ ᠢ ᠠᠰᠠᠭᠤᠵᠤ᠂ ᠡᠪᠡᠳᠴᠢᠨ ᠤ ᠰᠢᠯᠲᠠᠭᠠᠨ ᠢ ᠵᠠᠳᠠᠯᠤᠨ᠂ ᠠᠳᠠᠯᠢ ᠪᠤᠰᠤ ᠰᠢᠯᠲᠠᠭᠠᠨ  ᠠᠴᠠ ᠪᠣᠯᠣᠭᠰᠠᠨ ᠬᠠᠮᠠᠷ ᠤᠨ ᠦᠷᠪᠢᠰᠦᠯ ᠳᠤ ᠴᠢᠭᠯᠡᠭᠦᠯᠦᠨ᠂ ᠠᠳᠠᠯᠢ ᠪᠤᠰᠤ ᠮᠣᠩᠭᠤᠯ ᠡᠮ ᠤᠨ ᠭᠠᠳᠠᠷ ᠵᠠᠰᠠᠯ ᠤᠨ ᠠᠷᠭ᠎ᠠ ᠶᠢ ᠬᠡᠷᠡᠭᠯᠡᠨ᠂ ᠬᠠᠮᠠᠷ ᠤᠨ ᠦᠷᠪᠢᠰᠦᠯ ᠲᠠᠢ ᠡᠪᠡᠳᠴᠢᠲᠡᠨ ᠤ ᠬᠠᠷᠰᠢᠮᠠᠲᠠᠭᠠᠢ ᠡᠪᠡᠳᠴᠢᠨ ᠤ ᠢᠯᠡᠷᠡᠯ ᠢ ᠪᠦᠲᠦᠮᠵᠢᠲᠡᠶ ᠨᠠᠮᠳᠠᠭᠤᠯᠵᠤ᠂ ᠮᠣᠩᠭᠤᠯ ᠡᠮᠨᠡᠯᠭᠡ ᠶᠢᠨ ᠬᠠᠮᠠᠷ ᠤᠲᠤᠬᠤ ᠵᠠᠰᠠᠯ ᠪᠠ ᠮᠣᠩᠭᠤᠯ ᠡᠮ ᠤᠨ ᠥᠪᠡᠷᠮᠢᠴᠡ ᠡᠮᠨᠡᠬᠦ ᠠᠷᠭ᠎ᠠ ᠶᠢ ᠥᠷᠭᠡᠨ ᠣᠯᠠᠨ ᠲᠦᠮᠡᠨ ᠳᠤ  ᠲᠠᠨᠢᠭᠤᠯᠤᠭᠰᠠᠨ ᠪᠠᠶᠢᠨ᠎ᠠ᠃    ᠲᠣᠰ ᠤᠳᠠᠭᠠᠨ ᠤ ᠡᠮᠴᠢᠯᠡᠭᠡ ᠨᠢ ᠣᠯᠠᠷᠢᠯ ᠤᠨ ᠴᠢᠨᠠᠷᠲᠠᠢ᠂ ᠳᠡᠯᠭᠡᠷᠡᠩᠭᠦᠢ ᠴᠢᠨᠠᠷᠲᠠᠢ ᠡᠪᠡᠳᠴᠢᠨ ᠤ ᠪᠠᠶᠢᠳᠠᠯ ᠢ ᠮᠣᠩᠭᠤᠯ ᠡᠮᠨᠡᠯᠭᠡ ᠶᠢᠨ ᠵᠠᠰᠠᠯ  ᠢᠶᠠᠷ ᠪᠦᠲᠦᠮᠵᠢᠲᠡᠶ ᠨᠠᠮᠳᠠᠭᠤᠯᠵᠤ᠂  ᠲᠤᠬᠠᠢ ᠶᠢᠨ ᠭᠠᠵᠠᠷ ᠤᠨ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠤ ᠬᠠᠮᠲᠤ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠲᠤᠷᠰᠢᠯᠭ᠎ᠠ ᠬᠤᠪᠢᠶᠠᠯᠴᠠᠵᠤ  ᠂ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠳᠡᠭᠡᠭᠰᠢᠯᠡᠯᠲᠡ ᠶᠢ ᠠᠬᠢᠭᠤᠯᠵᠤ᠂ ᠮᠣᠩᠭᠤᠯ ᠡᠮᠨᠡᠯᠭᠡ ᠶᠢᠨ ᠦᠢᠯᠡᠰ ᠤᠨ ᠤᠯᠠᠮᠵᠢᠯᠠᠯ ᠪᠠ ᠬᠥᠭᠵᠢᠯᠲᠡ ᠶᠢ  ᠭᠥᠨᠵᠡᠭᠡᠶᠢᠷᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号