ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ‍ᠤᠨ‌ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠢᠯ ᠪᠠᠷᠢᠯᠭ᠎ᠠ ᠡᠬᠢᠯᠡᠬᠦ ᠪᠠᠷ ᠪᠣᠢ
ᠨᠡᠶᠢᠲᠡᠯᠡᠭᠰᠡᠨ ᠴᠠᠭ᠄
2024/8/15
     ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠢᠨᠵᠧᠨᠧᠷᠢᠩ ᠤᠨ ᠬᠢᠨᠠᠨ ᠲᠣᠭᠲᠠᠭᠠᠬᠤ ᠠᠵᠢᠯ  ᠠᠮᠵᠢᠯᠲᠠ ᠎ ᠲᠠᠢ ᠳᠠᠭᠤᠰᠴᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠱᠠᠲᠤᠨ ᠳᠤ ᠣᠷᠤᠵᠤ ᠂ ᠲᠦᠷᠦᠯ ᠵᠦᠢᠯ ᠤᠨ ᠲᠥᠯᠥᠪᠯᠡᠭᠡ ᠶᠣᠰᠣᠭᠠᠷ 2024 ᠣᠨ ᠤ 9 ᠰᠠᠷ᠎ᠠ ᠳᠤ ᠠᠮᠵᠢᠯᠲᠠ ᠲᠠᠢ ᠪᠠᠷᠢᠯᠭ᠎ᠠ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
    ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠨᠢ ᠪᠠᠯᠭᠠᠷᠭᠤᠤᠯ ᠪᠠᠯᠭᠠᠰᠤᠨ ᠤ ᠰᠢᠨᠡᠭᠤᠤᠯ ᠵᠠᠮ ᠤᠨ ᠪᠠᠷᠠᠭᠤᠨ ᠲᠠᠯ᠎ᠠ ᠳᠤ ᠪᠠᠶᠢᠷᠢᠯᠠᠨ᠂ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠨᠢ ᠬᠤᠶᠠᠷ ᠵᠢᠯ᠂ ᠶᠡᠷᠦᠩᠬᠡᠢ ᠪᠡᠯᠡ ᠣᠷᠤᠭᠤᠯᠤᠯᠲᠠ ᠨᠢ 1.62 ᠳ᠋ᠦᠩᠰᠢᠭᠤᠷ ᠲᠥᠭᠦᠷᠢᠭ ᠪᠠᠶᠢᠵᠤ᠂ ᠡᠵᠡᠯᠡᠬᠦ ᠲᠠᠯᠠᠪᠠᠢ ᠨᠢ 2.2 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ ᠪᠠᠷᠤᠭ 1.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠦ᠂ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ᠂ ᠲᠦᠷᠭᠡᠨ ᠬᠦᠷᠭᠡᠯᠲᠡ ᠶᠢ ᠢᠯᠭᠠᠬᠤ ᠲᠥᠪ ᠪᠠ ᠡᠯᠧᠺᠲᠷᠣᠨ ᠬᠤᠳᠠᠯᠳᠤᠭᠠᠨ ᠤ ᠬᠥᠮᠥᠷᠭᠡ ᠵᠡᠷᠭᠡ ᠭᠤᠷᠪᠠᠨ ᠶᠡᠭᠡ ᠭᠡᠰᠡᠭ ᠢᠶᠠᠷ ᠪᠦᠷᠢᠯᠳᠦᠭᠰᠡᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠪᠤᠯᠥᠨ᠎ᠠ᠃ ᠲᠤᠰ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠨᠢ ᠪᠠᠷᠠᠭᠤᠨ ᠦᠵᠦᠮᠦᠴᠢᠨ ᠬᠤᠰᠢᠭᠤᠨ ᠤ ᠡᠯᠪᠡᠭ ᠪᠠᠶᠠᠯᠢᠭ ᠤᠨᠴᠠᠯᠢᠬᠳᠤ ᠡᠬᠢ ᠪᠠᠶᠠᠯᠢᠭ ᠪᠠ ᠠᠵᠤ ᠦᠶᠯᠡᠰ ᠤᠨ ᠳᠠᠪᠠᠭᠤᠯᠢᠭ ᠲᠤ ᠲᠦᠰᠢᠭᠯᠡᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ᠂ ᠲᠣᠭᠠᠴᠢᠯᠠᠭᠰᠠᠨ ᠡᠵᠡᠩᠨᠡᠯᠲᠡ ᠪᠣᠷᠣᠯᠠᠭᠤᠯᠤᠯᠲᠠ ᠵᠡᠷᠭᠡ ᠬᠦᠷᠢᠶ᠎ᠡ ᠴᠠᠷ᠎ᠠ ᠶᠢ  ᠬᠠᠮᠤᠷᠴᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠪᠠ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠪᠦᠯᠬᠦᠮ ᠢ ᠲᠡᠳᠡᠨ ᠣᠷᠣᠭᠤᠯᠬᠤ ᠪᠣᠯᠤᠨ᠎ᠠ᠃
    ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ  ᠲᠤᠪᠴᠢᠶᠠᠨ ᠤ ᠲᠤᠪᠴᠢᠶᠠᠨ ᠳᠠᠷᠤᠭ᠎ᠠ ᠹᠧᠩ ᠶᠦᠩ             ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠨᠢ ᠡᠨᠡ ᠵᠢᠯ ᠤᠨ 9 ᠰᠠᠷ᠎ᠠ ᠶᠢᠨ 20᠎ ᠤ ᠡᠳᠦᠷ ᠪᠠᠷᠢᠯᠭ᠎ᠠ‌ᠡᠬᠢᠯᠡᠭᠦᠯᠵᠦ᠂ 2026 ᠣᠨ ᠤ 9 ᠰᠠᠷ᠎ᠠ ᠳᠤ ᠠᠰᠢᠭᠯᠠᠯᠲᠠ ᠳᠤ ᠣᠷᠤᠭᠤᠯᠬᠤ ᠪᠠᠷ ᠲᠥᠯᠥᠪᠯᠡᠵᠦ ᠪᠣᠢ᠃ ᠲᠤᠰ ᠲᠥᠷᠥᠯ ᠵᠦᠢᠯ ᠨᠢ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠪᠤᠯᠪᠠᠰᠤᠷᠠᠯ᠂ ᠦᠵᠡᠭᠦᠯᠦᠯᠭᠡ᠂ ᠪᠣᠷᠣᠯᠠᠭᠤᠯᠭ᠎ᠠ᠂ ᠳᠣᠭᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠪᠠᠶᠢᠵᠦ᠂ ᠠᠰᠢᠭᠯᠠᠯᠲᠠ ᠳᠤ ᠣᠷᠣᠭᠰᠠᠨ ᠤ ᠳᠠᠷᠠᠭ᠎ᠠ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠦᠴᠦᠲᠡᠶ ᠳᠠᠶᠢᠴᠢᠯᠠᠨ᠂ ᠦᠷ᠎ᠡ ᠠᠰᠢᠭ᠂ ᠠᠵᠤ ᠠᠬᠤᠶ ᠶᠢᠨ ᠨᠡᠮᠡᠭᠳᠡᠯ ᠤᠨ ᠲᠠᠯ᠎ᠠ ᠪᠠᠷ᠂ ᠠᠵᠤ ᠦᠶᠯᠡᠰ ᠤᠨ ᠬᠦᠷᠢᠶᠡᠯᠡᠩ ᠨᠢ ᠣᠯᠠᠨ  ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ ᠠᠵᠢᠯ ᠤᠯᠭᠤᠯᠲᠠ ᠶᠢᠨ ᠲᠠᠯ᠎ᠠ ᠪᠠᠷ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠪᠠᠷᠠᠭᠠᠨ ᠤ ᠭᠦᠶᠯᠭᠡᠭᠡᠨ ᠤ ᠲᠣᠬᠢᠷᠠᠭᠤᠯᠤᠯᠲᠠ ᠬᠦᠷᠭᠡᠯᠲᠡ᠂ ᠬᠡᠷᠡᠭᠯᠡᠭᠴᠢᠳ ᠲᠤ ᠬᠠᠩᠭᠠᠬᠤ ᠦᠶᠯᠡᠴᠢᠯᠡᠭᠡ ᠠᠴᠠ ᠮᠡᠷᠭᠡᠵᠢᠯ ᠤᠨ ᠨᠡᠭᠡᠭᠡᠯᠲᠡ ᠵᠡᠷᠭᠡ ᠬᠦᠷᠢᠶ᠎ᠡ ᠴᠠᠷ᠎ᠠ ᠬᠦᠷᠲᠡᠯ᠎ᠡ ᠶᠡᠭᠡ ᠬᠡᠮᠵᠢᠶᠡᠨ ᠤ ᠠᠵᠢᠯ ᠤᠨ ᠪᠠᠶᠢᠷᠢ ᠶᠢ ᠡᠭᠦᠳᠬᠦ ᠶᠢᠨ ᠬᠠᠮᠲᠤ ᠬᠤᠯᠪᠣᠭᠳᠠᠯ ᠪᠥᠬᠦᠶ ᠠᠵᠤ ᠦᠶᠯᠡᠰ ᠤᠨ ᠳᠠᠮ ᠠᠵᠢᠯ ᠣᠯᠭᠤᠯᠲᠠ ᠶᠢ ᠳᠠᠶᠢᠴᠢᠯᠠᠬᠤ ᠪᠣᠯᠤᠨ᠎ᠠ᠃ ᠳᠠᠬᠢᠪᠠᠯ᠂ ᠮᠠᠨ ᠤ ᠬᠤᠰᠢᠭᠤᠨ ᠎ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠪᠠ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠪᠤᠯᠥᠨ᠎ᠠ᠃ ᠡᠯᠧᠺᠲᠷᠣᠨ ᠬᠤᠳᠠᠯᠳᠤᠭᠠᠨ ᠤ ᠠᠷᠭ᠎ᠠ ᠵᠠᠮ ᠢᠶᠠᠷ ᠳᠠᠮᠵᠢᠭᠤᠯᠤᠨ᠂ ᠭᠠᠵᠠᠷ ᠣᠷᠣᠨ ᠤ ᠤᠨᠴᠠᠯᠢᠭᠳᠤ ᠦᠶᠯᠡᠳᠬᠦᠨ ᠢ ᠵᠠᠬ᠎ᠠ ᠳᠡᠯᠭᠡᠭᠦᠷ ᠲᠤ ᠨᠠᠩ ᠥᠷᠭᠡᠨ ᠎ ᠢᠶᠠᠷ ᠭᠠᠷᠭᠠᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠦᠶᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠪᠦᠬᠦ᠋ᠢᠯᠡ ᠭᠠᠵᠠᠷ ᠣᠷᠣᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠴᠢᠳᠠᠨ᠎ᠠ᠃ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠲᠣᠰ ᠭᠠᠵᠠᠷ ᠤᠨ ᠠᠵᠤ ᠠᠬᠤᠶᠢᠯᠠᠯ ᠳᠤ ᠲᠤᠰᠬᠠᠶ ᠮᠡᠷᠭᠡᠵᠢᠯ ᠤᠨ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠪᠠ ᠵᠢᠯᠣᠭᠤᠳᠣᠯᠭ᠎ᠠ ᠬᠠᠩᠭᠠᠵᠤ᠂ ᠲᠡᠳᠡᠨ ᠢ ᠬᠠᠪᠰᠤᠷᠤᠨ ᠰᠦᠯᠵᠢᠶᠡᠨ ᠳᠡᠭᠡᠷᠡᠬᠢ ᠵᠠᠬ᠎ᠠ ᠳᠡᠯᠭᠡᠭᠦᠷ ᠢ ᠨᠡᠭᠡᠭᠡᠭᠦ ᠪᠤᠯᠥᠨ᠎ᠠ᠃ ᠡᠭᠦᠨ ᠤ ᠬᠠᠮᠲᠤ᠂ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠦᠨ᠂ ᠡᠯᠧᠺᠲᠷᠣᠨ ᠬᠤᠳᠠᠯᠳᠤᠭᠠᠨ ᠎ ᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠦᠷᠢᠨ ᠪᠦᠲᠦᠨ ᠠᠵᠤ ᠦᠶᠯᠡᠰ ᠤᠨ ᠠᠮᠢ ᠠᠬᠤᠶ ᠶᠢ ᠪᠣᠶ ᠪᠣᠯᠭᠠᠵᠤ᠂ ᠠᠵᠤ ᠦᠶᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ ︽ᠢᠨᠲ᠋ᠧᠷ ᠰᠦᠯᠵᠢᠶ᠎ᠡ +︾ ᠣᠶᠤᠨᠴᠢ ᠴᠢᠳᠠᠪᠤᠷᠢ ᠵᠡᠷᠭᠡ ᠰᠢᠨ᠎ᠡ ᠮᠡᠷᠭᠡᠵᠢᠯ ᠢ ᠭᠦᠶᠴᠡᠳ ᠠᠰᠢᠭᠯᠠᠵᠤ᠂ ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠳᠥᠯᠭᠢᠨ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠶ ᠶᠢᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠬᠦᠯᠬᠦ ᠪᠤᠯᠥᠨ᠎ᠠ᠃     ᠤᠢᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠠᠴᠠ ᠬᠦᠳᠦᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠲᠤ ᠬᠦᠴᠦ ᠨᠡᠮᠡᠷᠢᠯᠡᠭᠰᠡᠨ ᠢᠶᠠᠷ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠦᠳᠲᠡᠷ ᠲᠦᠷᠭᠡᠨ ᠬᠥᠭᠵᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠬᠦᠴᠦᠨ ᠪᠣᠯᠤᠭᠰᠠᠨ ᠪᠠᠶᠢᠨ᠎ᠠ᠃     ᠣᠳᠣᠬᠠᠨ ᠳᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 25  ᠪᠠᠶᠢᠵᠦ᠂ ᠦᠶᠯᠡᠳᠬᠦᠨ ᠨᠢ ᠣᠷᠣᠨ ᠨᠤᠲᠤᠭ ᠤᠨ ᠤᠨᠴᠠᠯᠢᠭᠳᠤ ᠢᠳᠡᠭᠡᠨ᠂ ᠬᠤᠪᠴᠠᠰᠤ ᠵᠠᠰᠠᠯ᠂ ᠣᠶᠤᠨᠴᠢ ᠬᠡᠷ ᠤᠨ ᠡᠳ᠋ᠯᠡᠯ ᠵᠡᠷᠭᠡ ᠣᠯᠠᠨ ᠬᠦᠷᠢᠶ᠎ᠡ ᠴᠠᠷ᠎ᠠ ᠶᠢ ᠬᠠᠮᠤᠷᠴᠤ ᠪᠣᠶ᠃ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ ᠭᠤᠷᠪᠠᠨ ᠵᠢᠯ ᠳᠠᠷᠠᠭᠠᠯᠠᠨ ᠲᠣᠰ ᠲᠣᠰ 5057 ᠲᠦᠮᠡᠨ ᠲᠥᠭᠦᠷᠢᠭ᠂ 5321 ᠲᠦᠮᠡᠨ ᠲᠥᠭᠦᠷᠢᠭ ᠪᠠ 9103.9 ᠲᠦᠮᠡᠨ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 34%᠎ ᠪᠠᠷ ᠨᠡᠮᠡᠭᠳᠡᠪᠡ᠃ ᠡᠭᠦᠨ ᠳᠤ 2023 ᠣᠨ ᠳᠤ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ 9103.9 ᠲᠦᠮᠡᠨ ᠲᠥᠭᠦᠷᠢᠭ ᠲᠤ ᠬᠦᠷᠴᠦ᠂ 2022 ᠣᠨ ᠤ ᠬᠢ ᠠᠴᠠ 71.1%᠎ ᠪᠠᠷ ᠨᠡᠮᠡᠭᠳᠡᠨ᠂ ᠶᠠᠰᠤ ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠵᠦ᠂ ᠰᠢᠨ᠎ᠡ ᠲᠡᠮᠳᠡᠭᠯᠡᠯ ᠢ ᠡᠭᠦᠳᠴᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号