ᠪᠠᠶᠠᠠᠬᠤᠰᠢᠭᠤ  ᠰᠣᠮᠤᠨ ᠤ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠪᠣᠳᠠᠰ ᠤᠨ ᠪᠤᠰᠤ ᠰᠣᠶᠣᠯ ᠤᠨ ᠤᠷ᠎ᠠ ᠮᠠᠷᠬᠡᠵᠢᠯ ᠤᠨ ᠭᠠᠶᠢᠬᠠᠮᠰᠢᠭ ᠢ ᠬᠠᠷᠠᠭᠤᠯᠤᠶ᠎ᠠ︾ ᠪᠤᠳᠠᠰ ᠤᠨ ᠪᠤᠰᠣ ᠰᠣᠶᠤᠯ ᠤᠨ ᠤᠷ᠎ᠠ ᠮᠠᠷᠬᠡᠵᠢᠯ ᠤᠨ ᠤᠷᠤᠯᠳᠣᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/8/15
     8 ᠰᠠᠷ᠎ᠠ ᠶᠢᠨ 13᠎ ᠤ ᠡᠳᠦᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠠᠶᠠᠷᠯᠠᠨ ᠤᠭᠳᠣᠵᠦ᠂ ᠪᠠᠶᠠᠨᠬᠤᠰᠢᠭᠤ ᠰᠣᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠶᠠᠨᠬᠤᠰᠢᠭᠤ ᠰᠣᠮᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠪᠠᠶᠠᠨᠬᠤᠰᠢᠭᠤ ᠰᠣᠮᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠢᠴᠢ ᠬᠦᠷᠡᠯᠳᠦ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠲᠠᠭᠠᠭᠠᠴᠢᠯᠠᠨ ᠡᠷᠭᠢᠯᠡᠭᠰᠡᠨ ︽ᠤᠮᠠᠷᠠᠲᠤ ᠬᠢᠯᠢ ᠎ ᠶᠢᠨ ᠰᠣᠶᠣᠯ ᠢ ᠪᠠᠳᠠᠷᠠᠭᠤᠯᠵᠤ ᠪᠣᠳᠠᠰ ᠤᠨ ᠪᠤᠰᠤ ᠰᠣᠶᠣᠯ ᠤᠨ ᠤᠷ᠎ᠠ ᠮᠠᠷᠬᠡᠵᠢᠯ ᠤᠨ ᠭᠠᠶᠢᠬᠠᠮᠰᠢᠭ ᠢ ᠬᠠᠷᠠᠭᠤᠯᠤᠶ᠎ᠠ ︾ ᠪᠤᠳᠠᠰ ᠤᠨ ᠪᠤᠰᠣ ᠰᠣᠶᠤᠯ ᠤᠨ ᠤᠷ᠎ᠠ ᠮᠠᠷᠬᠡᠵᠢᠯ ᠤᠨ ᠤᠷᠤᠯᠳᠣᠭᠠᠨ ᠪᠠᠶᠠᠨᠬᠤᠰᠢᠭᠤ ᠰᠣᠮᠤᠨ ᠤ ᠬᠦᠷᠡᠯᠳᠦ ᠭᠠᠴᠠᠭᠠᠨ ᠤ ᠠᠯᠪᠠᠨ ᠭᠡᠷ ᠲᠤ  ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠨᠲᠤᠶᠠᠭ᠎ᠠ ᠵᠢᠴᠢ ᠪᠠᠶᠠᠨᠬᠤᠰᠢᠭᠤ ᠰᠣᠮᠤᠨ ᠤ ᠨᠠᠮ ᠵᠠᠰᠠᠭ ᠤᠨ ᠤᠳᠣᠷᠢᠳᠣᠯᠭ᠎ᠠ ᠤᠷᠤᠯᠳᠤᠭᠠᠨ ᠢ ᠰᠣᠨᠢᠷᠬᠠᠵᠦ ᠱᠠᠩᠨᠠᠯ ᠭᠠᠷᠳᠠᠭᠤᠯᠵᠡᠢ᠃      ᠲᠤᠰ ᠤᠳᠠᠭᠠᠨ ᠤ ᠠᠵᠢᠯᠯᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠎ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠤᠮᠠᠷᠠᠲᠤ ᠬᠢᠯᠢ ᠶᠢᠨ ᠰᠣᠶᠣᠯ ᠎ ᠢ ᠴᠤᠭᠴᠠᠯᠠᠨ ᠪᠠᠶᠢᠭᠤᠯᠬᠤ ᠵᠤᠷᠢᠯᠭ᠎ᠠ ᠪᠠᠷ ᠶᠠᠪᠤᠭᠳᠠᠭᠤᠯᠵᠠᠢ᠃      ᠤᠷᠤᠯᠳᠤᠭᠠᠨ ᠨᠢ ᠤᠷᠲᠤ ᠶᠢᠨ ᠲᠠᠭᠤᠨ ᠤ ᠤᠷᠤᠯᠳᠤᠭᠠᠨ ᠪᠠ ᠪᠣᠳᠠᠰ ᠤᠨ ᠪᠤᠰᠤ ᠰᠣᠶᠣᠯ ᠤᠨ ᠤᠷ᠎ᠠ ᠮᠡᠷᠭᠡᠵᠢᠯ ᠤᠨ ᠤᠷᠤᠯᠳᠤᠭᠠᠨ ᠭᠡᠬᠦ ᠬᠤᠶᠠᠷ ᠲᠥᠷᠥᠯ ᠬᠤᠪᠢᠶᠠᠨ ᠶᠠᠪᠤᠭᠳᠠᠵᠤ᠂ ᠤᠷᠲᠤ ᠶᠢᠨ ᠳᠠᠭᠤᠨ ᠤ ᠤᠷᠤᠯᠳᠤᠭᠠᠨ ᠳᠤ ᠪᠠᠶᠠᠨᠬᠤᠰᠢᠭᠤ ᠰᠣᠮᠤᠨ ᠤ 15 ᠳᠠᠭᠤᠴᠢᠨ ᠢᠳᠡᠪᠬᠢᠲᠡᠢ ᠤᠷᠤᠯᠴᠠᠨ᠂ ᠪᠣᠳᠠᠰ ᠤᠨ ᠪᠤᠰᠤ ᠰᠣᠶᠣᠯ ᠤᠨ ᠤᠷ᠎ᠠ ᠮᠡᠷᠭᠡᠵᠢᠯ ᠤᠨ ᠤᠷᠤᠯᠳᠤᠭᠠᠨ ᠳᠤ ᠢᠰᠡᠭᠡᠢ ᠤᠷᠠᠯᠠᠯ ᠤᠨ ᠳᠤᠭᠤᠶᠢᠯᠠᠩ᠂ ᠬᠠᠳᠬᠤᠮᠠᠯ ᠤᠨ ᠳᠤᠭᠤᠶᠢᠯᠠᠩ᠂ ᠭᠠᠷ ᠤᠷᠠᠯᠠᠯ ᠤᠨ ᠲᠤᠭᠤᠶᠢᠯᠠᠩ ᠵᠡᠷᠭᠡ ᠭᠤᠷᠪᠠᠨ ᠳᠤᠭᠤᠶᠢᠯᠠᠩ ᠬᠤᠪᠢᠶᠠᠵᠤ᠂ 60 ᠭᠠᠷᠤᠢ ᠣᠷᠣᠯᠴᠠᠭᠰᠠᠳ ᠤᠷᠤᠯᠳᠤᠭᠠᠨ ᠤ ᠭᠤᠣᠯ ᠰᠡᠳᠦᠪ ᠤᠨ ᠲᠣᠭᠤᠷᠢᠨ ᠳᠤ ᠥᠪᠡᠷ ᠥᠪᠡᠷ ᠤᠨ ᠪᠦᠲᠦᠭᠡᠯ ᠢᠶᠠᠨ ᠲᠤᠬᠠᠢ ᠎ ᠶᠢᠨ ᠲᠠᠯᠠᠪᠠᠶ ᠳᠤ ᠳᠡᠯᠭᠡᠨ ᠦᠵᠡᠬᠦᠯᠵᠦ᠂ ᠪᠠᠶᠠᠠᠬᠤᠰᠢᠭᠤ ᠰᠣᠮᠤᠨ ᠤ ᠪᠤᠳᠠᠰ ᠤᠨ ᠪᠤᠰᠣ ᠰᠣᠶᠤᠯ ᠤᠨ ᠦᠪ ᠢ ᠦᠪᠯᠠᠨ ᠤᠯᠠᠮᠵᠢᠯᠠᠵᠦ ᠬᠠᠮᠠᠭᠠᠯᠠᠨ ᠵᠠᠯᠭᠠᠮᠵᠢᠯᠠᠭᠰᠠᠨ ᠦᠷ᠎ᠠ ᠪᠦᠳᠦᠬᠡᠯ ᠢ ᠬᠦᠢᠴᠠᠳ ᠬᠠᠷᠠᠭᠤᠯᠤᠭᠰᠠᠨ ᠪᠠᠶᠢᠨ᠎ᠠ᠃     ᠤᠷᠲᠤ ᠶᠢᠨ ᠳᠠᠭᠤᠨ ᠤ ᠤᠷᠤᠯᠳᠤᠭᠠᠨ ᠳᠤ ᠲᠡᠷᠢᠭᠦᠨ᠂ ᠳᠡᠳ᠋᠂ ᠭᠤᠷᠪᠠᠳᠤᠭᠠᠷ ᠨᠡᠷ᠎ᠡ ᠪᠠ ᠰᠢᠯᠢᠳᠡᠭ ᠳᠡᠰ ᠲᠤ ᠰᠢᠯᠭᠠᠷᠠᠭᠰᠠᠨ ᠣᠷᠣᠯᠴᠠᠭᠴᠢ ᠶᠢ ᠱᠠᠩᠨᠠᠨ ᠵᠣᠷᠢᠭᠵᠢᠭᠤᠯᠵᠤ᠂ ᠪᠣᠳᠠᠰ ᠤᠨ ᠪᠤᠰᠤ ᠰᠣᠶᠣᠯ ᠤᠨ ᠤᠷ᠎ᠠ ᠮᠡᠷᠭᠡᠵᠢᠯ ᠤᠨ ᠤᠷᠤᠯᠳᠤᠭᠠᠨ ᠤ ᠢᠰᠡᠭᠡᠢ ᠤᠷᠠᠯᠠᠯ᠂ ᠬᠠᠳᠬᠤᠮᠠᠯ᠂ ᠭᠠᠷ ᠤᠷᠠᠯᠠᠯ ᠵᠡᠷᠭᠡ ᠳᠤᠭᠤᠶᠢᠯᠠᠩ ᠪᠦᠷᠢ ᠶᠢᠨ ᠨᠢᠬᠡ ᠬᠤᠶᠠᠷ ᠭᠤᠷᠪᠠᠳᠣᠭᠠᠷ ᠨᠠᠷ᠎ᠠ ᠶᠢ ᠲᠤᠰ ᠲᠤᠰ ᠱᠠᠩᠨᠠᠭᠰᠠᠨ ᠪᠠᠶᠢᠨ᠎ᠠ  ᠃     ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠨ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠂ ᠲᠡᠳᠡᠨ ᠤ ᠤᠮᠠᠷᠠᠲᠤ ᠶᠢᠨ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠶᠢ ᠤᠷᠠᠶᠢᠯᠠᠨ ᠲᠠᠶᠢᠴᠢᠯᠠᠭᠰᠠᠨ ᠪᠠᠶᠢᠨ᠎ᠠ  ᠃     ᠤᠷᠤᠯᠳᠣᠭᠠᠨ ᠳᠤ ᠤᠷᠤᠯᠴᠠᠭᠰᠠᠳ ᠨᠢ ᠪᠠᠰᠠ ᠤᠷᠳᠣ ᠶᠢᠨ ᠲᠠᠭᠤᠴᠢᠨ ᠵᠠᠭᠤᠨᠨᠠᠰᠤᠲᠤ ᠶᠢᠨ ᠦᠪ ᠰᠠᠭᠤᠴᠠ ᠎ ᠶᠢᠨ ᠦᠵᠡᠬᠦᠯᠤᠯᠬᠡ ᠶᠢᠨ ᠦᠷᠣᠬᠡ ᠶᠢ ᠲᠤᠭᠤᠷᠢᠨ ᠦᠵᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号