ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ | ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠢᠨᠵᠧᠨᠧᠷᠢᠩ ᠤᠨ ᠬᠢᠨᠠᠨ ᠲᠣᠭᠲᠠᠭᠠᠬᠤ ᠠᠵᠢᠯ ᠠᠮᠵᠢᠯᠲᠠ | ᠲᠠᠢ ᠳᠠᠭᠤᠰᠴᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠱᠠᠲᠤᠨ ᠳᠤ ᠣᠷᠤᠵᠤ | ᠂ ᠲᠦᠷᠦᠯ ᠵᠦᠢᠯ ᠤᠨ ᠲᠥᠯᠥᠪᠯᠡᠭᠡ ᠶᠣᠰᠣᠭᠠᠷ 2024 ᠣᠨ ᠤ 9 ᠰᠠᠷ᠎ᠠ ᠳᠤ ᠠᠮᠵᠢᠯᠲᠠ ᠲᠠᠢ ᠪᠠᠷᠢᠯᠭ᠎ᠠ | ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠨᠢ ᠪᠠᠯᠭᠠᠷᠭᠤᠤᠯ ᠪᠠᠯᠭᠠᠰᠤᠨ ᠤ ᠰᠢᠨᠡᠭᠤᠤᠯ ᠵᠠᠮ ᠤᠨ | ᠪᠠᠷᠠᠭᠤᠨ ᠲᠠᠯ᠎ᠠ ᠳᠤ ᠪᠠᠶᠢᠷᠢᠯᠠᠨ᠂ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠨᠢ ᠬᠤᠶᠠᠷ ᠵᠢᠯ᠂ ᠶᠡᠷᠦᠩᠬᠡᠢ | ᠪᠡᠯᠡ ᠣᠷᠤᠭᠤᠯᠤᠯᠲᠠ ᠨᠢ 1.62 ᠳ᠋ᠦᠩᠰᠢᠭᠤᠷ ᠲᠥᠭᠦᠷᠢᠭ ᠪᠠᠶᠢᠵᠤ᠂ ᠡᠵᠡᠯᠡᠬᠦ ᠲᠠᠯᠠᠪᠠᠢ ᠨᠢ 2.2 ᠲᠦᠮᠡᠨ ᠲᠡᠭᠰᠢ | ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ ᠪᠠᠷᠤᠭ 1.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠦ᠂ | ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ᠂ ᠲᠦᠷᠭᠡᠨ ᠬᠦᠷᠭᠡᠯᠲᠡ ᠶᠢ ᠢᠯᠭᠠᠬᠤ ᠲᠥᠪ ᠪᠠ ᠡᠯᠧᠺᠲᠷᠣᠨ | ᠬᠤᠳᠠᠯᠳᠤᠭᠠᠨ ᠤ ᠬᠥᠮᠥᠷᠭᠡ ᠵᠡᠷᠭᠡ ᠭᠤᠷᠪᠠᠨ ᠶᠡᠭᠡ ᠭᠡᠰᠡᠭ ᠢᠶᠠᠷ ᠪᠦᠷᠢᠯᠳᠦᠭᠰᠡᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠪᠤᠯᠥᠨ᠎ᠠ᠃ ᠲᠤᠰ ᠬᠤᠳᠠᠯᠳᠤᠭᠠᠨ ᠤ ᠶᠠᠪᠤᠳᠠᠯ ᠤᠨ ᠠᠵᠤ | ᠦᠶᠯᠡᠰ ᠤᠨ ᠬᠦᠷᠢᠶᠡᠯᠡᠩ ᠨᠢ ᠪᠠᠷᠠᠭᠤᠨ ᠦᠵᠦᠮᠦᠴᠢᠨ ᠬᠤᠰᠢᠭᠤᠨ ᠤ ᠡᠯᠪᠡᠭ ᠪᠠᠶᠠᠯᠢᠭ ᠤᠨᠴᠠᠯᠢᠬᠳᠤ ᠡᠬᠢ ᠪᠠᠶᠠᠯᠢᠭ | ᠪᠠ ᠠᠵᠤ ᠦᠶᠯᠡᠰ ᠤᠨ ᠳᠠᠪᠠᠭᠤᠯᠢᠭ ᠲᠤ ᠲᠦᠰᠢᠭᠯᠡᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ᠂ | ᠲᠣᠭᠠᠴᠢᠯᠠᠭᠰᠠᠨ ᠡᠵᠡᠩᠨᠡᠯᠲᠡ ᠪᠣᠷᠣᠯᠠᠭᠤᠯᠤᠯᠲᠠ ᠵᠡᠷᠭᠡ ᠬᠦᠷᠢᠶ᠎ᠡ ᠴᠠᠷ᠎ᠠ ᠶᠢ ᠬᠠᠮᠤᠷᠴᠤ᠂ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠪᠠ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠪᠦᠯᠬᠦᠮ ᠢ ᠲᠡᠳᠡᠨ | ᠣᠷᠣᠭᠤᠯᠬᠤ ᠪᠣᠯᠤᠨ᠎ᠠ᠃ | | ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠲᠤᠪᠴᠢᠶᠠᠨ | ᠳᠠᠷᠤᠭ᠎ᠠ ᠹᠧᠩ ᠶᠦᠩ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠨᠢ ᠡᠨᠡ | ᠵᠢᠯ ᠤᠨ 9 ᠰᠠᠷ᠎ᠠ ᠶᠢᠨ 20 ᠤ ᠡᠳᠦᠷ ᠪᠠᠷᠢᠯᠭᠠᠡᠬᠢᠯᠡᠭᠦᠯᠵᠦ᠂ 2026 ᠣᠨ ᠤ 9 ᠰᠠᠷ᠎ᠠ ᠳᠤ ᠠᠰᠢᠭᠯᠠᠯᠲᠠ ᠳᠤ | ᠣᠷᠤᠭᠤᠯᠬᠤ ᠪᠠᠷ ᠲᠥᠯᠥᠪᠯᠡᠵᠦ ᠪᠣᠢ᠃ ᠲᠤᠰ ᠲᠥᠷᠥᠯ ᠵᠦᠢᠯ ᠨᠢ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ | ᠪᠤᠯᠪᠠᠰᠤᠷᠠᠯ᠂ ᠦᠵᠡᠭᠦᠯᠦᠯᠭᠡ᠂ ᠪᠣᠷᠣᠯᠠᠭᠤᠯᠭ᠎ᠠ᠂ ᠳᠣᠭᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠪᠠᠶᠢᠵᠦ᠂ ᠠᠰᠢᠭᠯᠠᠯᠲᠠ ᠳᠤ ᠣᠷᠣᠭᠰᠠᠨ ᠤ ᠳᠠᠷᠠᠭ᠎ᠠ ᠪᠥᠬᠦ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠦᠴᠦᠲᠡᠶ ᠳᠠᠶᠢᠴᠢᠯᠠᠨ᠂ | ᠦᠷ᠎ᠡ ᠠᠰᠢᠭ᠂ ᠠᠵᠤ ᠠᠬᠤᠶ ᠶᠢᠨ ᠨᠡᠮᠡᠭᠳᠡᠯ ᠤᠨ ᠲᠠᠯ᠎ᠠ ᠪᠠᠷ᠂ ᠠᠵᠤ ᠦᠶᠯᠡᠰ ᠤᠨ ᠬᠦᠷᠢᠶᠡᠯᠡᠩ ᠨᠢ ᠣᠯᠠᠨ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ ᠠᠵᠢᠯ | ᠤᠯᠭᠤᠯᠲᠠ ᠶᠢᠨ ᠲᠠᠯ᠎ᠠ ᠪᠠᠷ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠪᠠᠷᠠᠭᠠᠨ ᠤ ᠭᠦᠶᠯᠭᠡᠭᠡᠨ ᠤ | ᠲᠣᠬᠢᠷᠠᠭᠤᠯᠤᠯᠲᠠ ᠬᠦᠷᠭᠡᠯᠲᠡ᠂ ᠬᠡᠷᠡᠭᠯᠡᠭᠴᠢᠳ ᠲᠤ ᠬᠠᠩᠭᠠᠬᠤ ᠦᠶᠯᠡᠴᠢᠯᠡᠭᠡ ᠠᠴᠠ ᠮᠡᠷᠭᠡᠵᠢᠯ ᠤᠨ ᠨᠡᠭᠡᠭᠡᠯᠲᠡ | ᠵᠡᠷᠭᠡ ᠬᠦᠷᠢᠶ᠎ᠡ ᠴᠠᠷ᠎ᠠ ᠬᠦᠷᠲᠡᠯ᠎ᠡ ᠶᠡᠭᠡ ᠬᠡᠮᠵᠢᠶᠡᠨ ᠤ ᠠᠵᠢᠯ ᠤᠨ ᠪᠠᠶᠢᠷᠢ ᠶᠢ ᠡᠭᠦᠳᠬᠦ ᠶᠢᠨ ᠬᠠᠮᠲᠤ ᠬᠤᠯᠪᠣᠭᠳᠠᠯ | ᠪᠥᠬᠦᠶ ᠠᠵᠤ ᠦᠶᠯᠡᠰ ᠤᠨ ᠳᠠᠮ ᠠᠵᠢᠯ ᠣᠯᠭᠤᠯᠲᠠ ᠶᠢ ᠳᠠᠶᠢᠴᠢᠯᠠᠬᠤ ᠪᠣᠯᠤᠨ᠎ᠠ᠃ ᠳᠠᠬᠢᠪᠠᠯ᠂ ᠮᠠᠨ ᠤ ᠬᠤᠰᠢᠭᠤᠨ | ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠪᠠ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠪᠤᠯᠥᠨ᠎ᠠ᠃ ᠡᠯᠧᠺᠲᠷᠣᠨ ᠬᠤᠳᠠᠯᠳᠤᠭᠠᠨ ᠤ ᠠᠷᠭ᠎ᠠ | ᠵᠠᠮ ᠢᠶᠠᠷ ᠳᠠᠮᠵᠢᠭᠤᠯᠤᠨ᠂ ᠭᠠᠵᠠᠷ ᠣᠷᠣᠨ ᠤ ᠤᠨᠴᠠᠯᠢᠭᠳᠤ ᠦᠶᠯᠡᠳᠬᠦᠨ ᠢ ᠵᠠᠬ᠎ᠠ ᠳᠡᠯᠭᠡᠭᠦᠷ ᠲᠤ ᠨᠠᠩ ᠥᠷᠭᠡᠨ | ᠢᠶᠠᠷ ᠭᠠᠷᠭᠠᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠦᠶᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ | ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠪᠦᠬᠦ᠋ᠢᠯᠡ ᠭᠠᠵᠠᠷ | ᠣᠷᠣᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠴᠢᠳᠠᠨ᠎ᠠ᠃ | ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠲᠣᠰ ᠭᠠᠵᠠᠷ ᠤᠨ | ᠠᠵᠤ ᠠᠬᠤᠶᠢᠯᠠᠯ ᠳᠤ ᠲᠤᠰᠬᠠᠶ ᠮᠡᠷᠭᠡᠵᠢᠯ ᠤᠨ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠪᠠ ᠵᠢᠯᠣᠭᠤᠳᠣᠯᠭ᠎ᠠ | ᠬᠠᠩᠭᠠᠵᠤ᠂ ᠲᠡᠳᠡᠨ ᠢ ᠬᠠᠪᠰᠤᠷᠤᠨ ᠰᠦᠯᠵᠢᠶᠡᠨ ᠳᠡᠭᠡᠷᠡᠬᠢ ᠵᠠᠬ᠎ᠠ ᠳᠡᠯᠭᠡᠭᠦᠷ ᠢ ᠨᠡᠭᠡᠭᠡᠭᠦ ᠪᠤᠯᠥᠨ᠎ᠠ᠃ ᠡᠭᠦᠨ ᠤ | ᠬᠠᠮᠲᠤ᠂ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠦᠨ᠂ ᠡᠯᠧᠺᠲᠷᠣᠨ ᠬᠤᠳᠠᠯᠳᠤᠭᠠᠨ | ᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠦᠷᠢᠨ ᠪᠦᠲᠦᠨ ᠠᠵᠤ ᠦᠶᠯᠡᠰ ᠤᠨ ᠠᠮᠢ | ᠠᠬᠤᠶ ᠶᠢ ᠪᠣᠶ ᠪᠣᠯᠭᠠᠵᠤ᠂ ᠠᠵᠤ ᠦᠶᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ᠂ | ᠪᠢᠳᠡ ︽ᠢᠨᠲ᠋ᠧᠷ ᠰᠦᠯᠵᠢᠶ᠎ᠡ +︾ ᠣᠶᠤᠨᠴᠢ ᠴᠢᠳᠠᠪᠤᠷᠢ ᠵᠡᠷᠭᠡ ᠰᠢᠨ᠎ᠡ ᠮᠡᠷᠭᠡᠵᠢᠯ ᠢ ᠭᠦᠶᠴᠡᠳ ᠠᠰᠢᠭᠯᠠᠵᠤ᠂ | ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠳᠥᠯᠭᠢᠨ ᠠᠬᠢᠭᠤᠯᠵᠤ᠂ | ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠶ ᠶᠢᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ | ᠪᠡᠶᠡᠯᠡᠬᠦᠯᠬᠦ ᠪᠤᠯᠥᠨ᠎ᠠ᠃ | ᠤᠢᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ | ᠣᠷᠳᠣᠨ ᠠᠴᠠ ᠬᠦᠳᠦᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠢᠶᠠᠷ ᠢᠶᠠᠨ | ᠣᠷᠣᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠲᠤ ᠬᠦᠴᠦ ᠨᠡᠮᠡᠷᠢᠯᠡᠭᠰᠡᠨ ᠢᠶᠠᠷ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠦᠳᠲᠡᠷ ᠲᠦᠷᠭᠡᠨ ᠬᠥᠭᠵᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠴᠢᠬᠤᠯᠠ ᠬᠦᠴᠦᠨ ᠪᠣᠯᠤᠭᠰᠠᠨ ᠪᠠᠶᠢᠨ᠎ᠠ᠃ | ᠣᠳᠣᠬᠠᠨ ᠳᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 25 ᠪᠠᠶᠢᠵᠦ᠂ | ᠦᠶᠯᠡᠳᠬᠦᠨ ᠨᠢ ᠣᠷᠣᠨ ᠨᠤᠲᠤᠭ ᠤᠨ ᠤᠨᠴᠠᠯᠢᠭᠳᠤ ᠢᠳᠡᠭᠡᠨ᠂ ᠬᠤᠪᠴᠠᠰᠤ ᠵᠠᠰᠠᠯ᠂ ᠣᠶᠤᠨᠴᠢ ᠬᠡᠷ ᠤᠨ ᠡᠳ᠋ᠯᠡᠯ | ᠵᠡᠷᠭᠡ ᠣᠯᠠᠨ ᠬᠦᠷᠢᠶ᠎ᠡ ᠴᠠᠷ᠎ᠠ ᠶᠢ ᠬᠠᠮᠤᠷᠴᠤ ᠪᠣᠶ᠃ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ ᠭᠤᠷᠪᠠᠨ ᠵᠢᠯ ᠳᠠᠷᠠᠭᠠᠯᠠᠨ ᠲᠣᠰ ᠲᠣᠰ | 5057 ᠲᠦᠮᠡᠨ ᠲᠥᠭᠦᠷᠢᠭ᠂ 5321 ᠲᠦᠮᠡᠨ ᠲᠥᠭᠦᠷᠢᠭ ᠪᠠ 9103.9 ᠲᠦᠮᠡᠨ ᠲᠥᠭᠦᠷᠢᠭ ᠲᠤ ᠬᠦᠷᠴᠦ᠂ | ᠵᠢᠯ ᠪᠦᠷᠢ ᠳᠤᠮᠳᠠᠴᠢ ᠪᠠᠷ 34% ᠪᠠᠷ ᠨᠡᠮᠡᠭᠳᠡᠪᠡ᠃ ᠡᠭᠦᠨ ᠳᠤ 2023 ᠣᠨ ᠳᠤ ᠪᠥᠬᠦ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ 9103.9 ᠲᠦᠮᠡᠨ | ᠲᠥᠭᠦᠷᠢᠭ ᠲᠤ ᠬᠦᠷᠴᠦ᠂ 2022 ᠣᠨ ᠤ ᠬᠢ ᠠᠴᠠ 71.1% ᠪᠠᠷ ᠨᠡᠮᠡᠭᠳᠡᠨ᠂ ᠶᠠᠰᠤ ᠴᠢᠨᠠᠷ ᠤᠨ | ᠳᠡᠭᠡᠭᠰᠢᠯᠡᠯᠲᠡ ᠶᠢ ᠪᠡᠶᠡᠯᠡᠭᠦᠯᠵᠦ᠂ ᠰᠢᠨ᠎ᠡ ᠲᠡᠮᠳᠡᠭᠯᠡᠯ ᠢ ᠡᠭᠦᠳᠴᠡᠢ᠃ |