ᠪᠠᠷᠠᠭᠤᠨ ᠦᠵᠦᠮᠦᠴᠢᠨ ᠬᠤᠰᠢᠭᠤ ︽ᠲᠠᠪᠤ ᠶᠢ ᠬᠦᠭᠵᠢᠬᠦᠯᠬᠦ︾ ᠠᠵᠢᠯ ᠠᠴᠠ ᠭᠠᠷᠳᠠᠵᠦ᠂ ᠦᠨᠳᠦᠰᠦᠨ | ᠱᠠᠳᠤᠨ ᠤ ᠵᠤᠬᠢᠶᠠᠨ ᠪᠠᠶᠢᠭᠤᠯᠤᠯᠲᠠ᠂ ᠠᠮᠢ ᠠᠬᠤᠢ ᠶᠢᠨ ᠵᠠᠰᠠᠯᠲᠠ᠂ ᠠᠵᠤ ᠦᠢᠯᠡᠰ ᠤᠨ ᠬᠥᠭᠵᠢᠯᠲᠡ ᠶᠢ | ᠦᠷᠭᠦᠯᠵᠢᠯᠡᠨ ᠰᠠᠶᠢᠳᠤᠷ ᠠᠳᠬᠤᠵᠤ ᠢᠷᠡᠭᠰᠡᠨ ᠢᠶᠠᠷ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠠᠵᠢᠯ | ᠬᠥᠭᠵᠢᠯᠲᠡ ᠶᠢᠨ ᠲᠤᠮᠳᠠ ᠲᠣᠭᠲᠠᠭᠤᠨ ᠢᠶᠠᠷ ᠤᠷᠤᠭᠰᠢᠯᠠᠨ ᠤᠷᠤᠭᠰᠢᠯᠠᠯᠳᠠ ᠶᠢᠨ ᠳᠤᠮᠳᠠ ᠤᠯᠠᠮ ᠰᠠᠶᠢᠵᠢᠷᠠᠬᠤ | ᠪᠠᠶᠢᠳᠠᠯ ᠢᠯᠡᠷᠡᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠪᠠᠶᠠᠠᠨᠠᠭᠤᠷ ᠭᠠᠴᠠᠭᠠᠨ ᠤ ᠮᠠᠯᠴᠢᠨ | ᠰᠤᠶᠤᠯᠪᠠᠭᠠᠳᠤᠷ ᠤᠨ ᠬᠢ ᠦᠩᠭᠡᠷᠡᠭᠰᠡᠨ ᠳᠤ ᠲᠦᠭᠦᠮ ᠪᠦᠳᠦᠴᠡ ᠲᠠᠢ ᠵᠤᠷᠯᠤᠩ ᠬᠡᠷᠡᠭᠯᠡᠵᠦ ᠤᠷᠴᠢᠨ | ᠲᠤᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠬᠤ ᠴᠢᠬᠤᠯᠠ ᠲᠠᠢ ᠪᠠᠶᠢᠵᠠᠢ᠃ ᠡᠨᠡ ᠵᠢᠯ ᠡᠳᠡᠨᠡᠶᠢᠬᠢᠨ ᠭᠠᠴᠠᠭ᠎ᠠ | ᠪᠠᠷ ᠢᠶᠠᠨ ᠲᠠᠮᠵᠢᠭᠤᠯᠤᠨ ᠵᠤᠷᠯᠤᠩ ᠤᠨ ᠲᠦᠷᠦᠯ ᠵᠦᠢᠯ ᠡᠷᠡᠮᠡᠯᠵᠡᠵᠦ ᠡᠳᠦᠭᠡ ᠪᠠᠷᠢᠮᠵᠢᠶᠠᠵᠢᠭᠰᠠᠨ ᠪᠦᠳᠦᠴᠡ ᠲᠠᠢ | ᠵᠤᠷᠯᠤᠩ ᠪᠠᠷᠢᠵᠤ ᠠᠪᠤᠭᠠᠳ ᠦᠪᠡᠷᠳᠡᠭᠡᠨ ᠵᠦᠪᠬᠡᠨ 2000 ᠢᠯᠡᠭᠦᠦ ᠲᠦᠭᠦᠷᠢᠭ ᠯᠡ ᠭᠠᠷᠭᠠᠭᠰᠠᠨ ᠪᠠᠶᠢᠯ᠎ᠠ᠃ | ᠪᠠᠷᠠᠭᠤᠨ ᠦᠵᠦᠮᠦᠴᠢᠨ ᠬᠤᠰᠢᠭᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠦᠨ᠎ᠡ ᠹᠷᠣᠨᠲ ᠤᠨ ᠺᠠᠳ᠋ᠷ ᠠᠵᠢᠯᠳᠠᠳ ᠤᠨ ᠠᠵᠢᠯ | ᠡᠭᠦᠷᠭᠡ ᠪᠠᠨ ᠭᠦᠢᠴᠡᠳᠬᠡᠬᠦ ᠴᠢᠳᠠᠪᠤᠷᠢ ᠶᠢ ᠲᠡᠭᠡᠭᠰᠢᠯᠡᠬᠦᠯᠦᠨ᠂ ᠰᠤᠯᠠ ᠵᠠᠳᠠᠭᠠᠢ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠴᠡᠭᠴᠡᠯᠡᠨ ᠵᠠᠰᠠᠵᠦ ᠪᠠᠲᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠲᠤᠯᠠᠭ᠎ᠠ ᠬᠠᠩᠭᠠᠪᠠ᠃ | ᠴᠢᠳᠠᠪᠤᠷᠢᠲᠠᠨ ᠤ ᠡᠩᠨᠡᠭᠡ ᠪᠠ ᠰᠣᠶᠣᠯ ᠤᠨ ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ | ᠣᠷᠣᠨ ᠤ ᠴᠢᠳᠠᠪᠤᠷᠢᠲᠠᠨ ᠤ ᠬᠡᠷᠡᠭᠴᠡᠭᠡ ᠶᠢ ᠦᠨᠳᠦᠰᠦᠯᠡᠨ᠂ ᠬᠥᠳᠡᠭᠡ ᠲᠣᠰᠬᠤᠨ ᠤ ᠠᠵᠤ ᠦᠢᠯᠡᠰ ᠤᠨ | ᠬᠦᠭᠵᠢᠯᠳᠡ ᠶᠢᠨ ᠳᠠᠭᠠᠭᠤᠯᠤᠭᠴᠢ ᠶᠢ ᠬᠦᠮᠦᠵᠢᠬᠦᠯᠬᠦ ᠲᠦᠰᠦᠯ ᠢᠶᠠᠷ ᠳᠠᠮᠵᠢᠭᠤᠯᠤᠨ ᠨᠡᠶᠢᠲᠡ 5 ᠤᠳᠠᠭᠠᠨ ᠤ | ᠪᠣᠯᠪᠠᠰᠤᠷᠠᠯ ᠤᠨ ᠠᠩᠭᠢ ᠡᠷᠭᠢᠯᠡᠵᠦ᠂ 220 ᠭᠠᠷᠤᠢ ᠬᠥᠮᠥᠨ ︵ᠤᠳᠠᠭ᠎ᠠ︶ ᠳᠤ ᠪᠤᠯᠪᠠᠰᠤᠷᠠᠯ ᠬᠦᠷᠳᠡᠭᠡᠪᠡ᠃ | ᠡᠭᠦᠨ ᠤ ᠬᠠᠮᠲᠤ᠂ ︽ᠬᠤᠪᠢ ᠬᠤᠷᠠᠮᠳᠤᠭᠤᠯᠬᠤ ᠳᠦᠷᠢᠮ︾ ᠢᠶᠠᠷ ᠲᠠᠮᠵᠢᠭᠤᠯᠤᠨ ︽ᠪᠣᠯᠪᠠᠰᠤᠨ ᠴᠢᠯᠦᠭᠡᠳᠦ | ᠳᠡᠯᠭᠡᠭᠦᠷ︾ ᠤᠨ ᠠᠷᠭ᠎ᠠ ᠲᠤᠷᠰᠢᠯᠭ᠎ᠠ ᠶᠢ ᠲᠦᠭᠡᠮᠡᠯᠵᠢᠭᠦᠯᠵᠦ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ | ᠵᠠᠰᠠᠯᠲᠠ ᠶᠢᠨ ᠠᠷᠭ᠎ᠠ ᠮᠠᠶ᠋ᠢᠭ ᠪᠠ ︽ᠨᠢᠭᠡ ᠭᠡᠷ᠎ᠡ ᠳᠥᠷᠪᠡᠨ ᠵᠦᠪᠯᠡᠯᠴᠡᠭᠡᠷ︾ ︽ᠰᠠᠶᠢᠰᠢᠶᠠᠯ ᠰᠢᠭᠦᠮᠵᠢᠯᠡᠯ ᠤᠨ | ᠰᠠᠮᠪᠠᠷ᠎ᠠ︾ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠪᠠᠷ ᠳᠠᠮᠵᠢᠭᠤᠯᠤᠨ ᠪᠤᠯᠬᠢ ᠰᠤᠷᠳᠠᠯ ᠢ ᠦᠭᠡᠷᠡᠴᠢᠯᠡᠨ | ᠪᠣᠯᠪᠠᠰᠤᠨ ᠲᠠᠳᠬᠠᠯ ᠢ ᠤᠯᠠᠮᠵᠢᠯᠠᠨ ᠲᠡᠯᠭᠡᠷᠡᠭᠦᠯᠪᠡ᠃ | ᠪᠠᠷᠠᠭᠤᠨ ᠦᠵᠦᠮᠦᠴᠢᠨ ᠬᠤᠰᠢᠭᠤ ᠨᠢ ᠪᠠᠰᠠ ᠡᠳ᠋ ᠤᠨ ᠵᠠᠰᠠᠭ ᠤᠨ ᠪᠡᠯᠡ ᠮᠥᠩᠭᠦ ᠪᠠᠨ ᠭᠦᠢᠴᠡᠳ | ᠠᠰᠢᠠᠠᠯᠠᠵᠦ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠭᠤᠯᠤᠯᠲᠠ᠂ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ | ᠵᠢᠯᠤᠭᠤᠳᠤᠨ ᠵᠣᠷᠢᠭᠵᠢᠭᠤᠯᠵᠤ᠂ ᠵᠢᠯ ᠤᠨ ᠡᠬᠢᠨ ᠠᠴᠠ ᠨᠠᠰᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠪᠡᠯᠡ ᠮᠥᠩᠭᠦ 4188 ᠲᠦᠮᠡᠨ ᠲᠥᠭᠦᠷᠢᠭ ᠪᠠᠭᠤᠯᠭᠠᠵᠤ᠂ ᠤᠷᠢᠳ ᠬᠤᠵᠢᠳ ᠴᠡᠭᠡ | ᠪᠣᠯᠪᠠᠰᠤᠷᠠᠭᠤᠯᠬᠤ ᠠᠵᠤ ᠦᠢᠯᠡᠰ᠂ ᠤᠰᠤ ᠤᠮᠳᠠ ᠶᠢᠨ ᠠᠮᠤᠷ ᠲᠦᠪᠰᠢᠨ ᠪᠠ ᠰᠢᠨ᠎ᠡ ᠬᠡᠯᠪᠡᠷᠢ ᠶᠢᠨ ᠬᠠᠮᠲᠤ ᠶᠢᠨ | ᠠᠵᠤ ᠠᠬᠤᠢ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠵᠡᠷᠭᠡ 13 ᠲᠦᠰᠦᠯ ᠢ ᠬᠡᠷᠡᠭᠵᠢᠭᠦᠯᠪᠡ᠃ ᠵᠢᠱᠢᠶ᠎ᠡ ᠦᠵᠡᠭᠦᠯᠬᠦ ᠭᠠᠴᠠᠭ᠎ᠠ ᠶᠢᠨ ᠪᠠᠷᠢᠮᠵᠢᠶᠠᠳᠤ | ᠰᠢᠰᠲ᠋ᠧᠮ ᠶᠣᠰᠣᠭᠠᠷ ᠵᠢᠱᠢᠶ᠎ᠡ ᠦᠵᠡᠭᠦᠯᠬᠦ ᠭᠤᠣᠯᠳᠠᠯᠭ᠎ᠠ ᠲᠠᠢ ᠭᠠᠴᠠᠭ᠎ᠠ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠢᠶᠠᠷ ᠠᠬᠢᠭᠤᠯᠵᠤ᠂ ᠬᠤᠭᠤᠯᠠᠳᠤ ᠶᠢᠨ ᠭᠤᠣᠯ ᠪᠠᠯᠭᠠᠰᠤᠨ ᠤ ᠪᠠᠶ᠋ᠬᠠᠷᠬᠡᠳᠦ ᠭᠠᠴᠠᠭ᠎ᠠ ᠵᠡᠷᠭᠡ 3 ᠵᠢᠱᠢᠶ᠎ᠡ | ᠦᠵᠡᠭᠦᠯᠬᠦ ᠭᠠᠴᠠᠭ᠎ᠠ ᠶᠢᠨ ᠠᠶᠢᠮᠠᠭ ᠤᠨ ᠲᠠᠰ ᠤᠨ ᠬᠢᠨᠠᠨ ᠰᠢᠯᠭᠠᠬᠤ ᠠᠵᠢᠯ ᠢ ᠬᠦᠢᠴᠡᠳᠬᠡᠵᠦ᠂ ᠨᠢᠭᠡ ᠪᠦᠯᠦᠭ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠤᠣᠯᠳᠠᠯᠭ᠎ᠠ ᠲᠠᠢ ᠭᠠᠴᠠᠭ᠎ᠠ ᠶᠢ | ᠡᠭᠦᠳᠦᠨ ᠪᠠᠶᠢᠭᠤᠯᠵᠤ᠂ 2024 ᠣᠨ ᠤ ᠬᠤᠰᠢᠭᠤ ᠲᠠᠰ ᠤᠨ ᠵᠢᠱᠢᠶ᠎ᠡ ᠦᠵᠡᠭᠦᠯᠬᠦ 14 ᠭᠤᠣᠯᠳᠠᠯᠭ᠎ᠠ ᠲᠠᠢ | ᠭᠠᠴᠠᠭ᠎ᠠ ᠶᠢ ᠬᠢᠨᠠᠨ ᠲᠤᠠᠠᠳᠠᠭᠠᠠᠪᠠ᠃ | ᠪᠠᠷᠠᠭᠤᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠤᠭ ᠨᠣᠪᠰᠢ᠂ ᠪᠣᠬᠢᠷ ᠤᠰᠤ ᠶᠢ ᠠᠷᠢᠭᠤᠳᠬᠠᠨ ᠴᠡᠪᠡᠷᠯᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠂ 327 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠰᠢᠢᠳᠪᠦᠷᠢᠯᠡᠬᠦ 11 ᠴᠡᠭ᠂ ᠰᠤᠮᠤ ᠪᠠᠯᠭᠠᠰᠤᠨ ᠤ ᠬᠤᠭ ᠨᠣᠪᠰᠢ ᠶᠢ ᠰᠢᠯᠵᠢᠭᠦᠯᠦᠨ | ᠲᠡᠭᠡᠭᠡᠪᠦᠷᠢᠯᠡᠬᠦ 5 ᠥᠷᠲᠡᠭᠡ ᠶᠢ ᠪᠠᠶᠢᠭᠤᠯᠬᠤ ᠪᠠᠷ ᠪᠠᠶᠢᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ ᠪᠣᠬᠢᠷ ᠤᠰᠤᠨ ᠴᠣᠭᠴᠠ ᠶᠢ ᠪᠠᠶᠢᠴᠠᠭᠠᠬᠤ ᠪᠠ ᠭᠤᠣᠯ ᠨᠠᠭᠤᠷ ᠢ | ᠴᠡᠪᠡᠷᠯᠡᠬᠦ ᠠᠵᠢᠯ ᠢ ᠡᠬᠢᠯᠡᠭᠦᠯᠪᠡ᠃ ᠡᠭᠦᠨ ᠤ ᠬᠠᠮᠲᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠯ ᠪᠡᠯᠴᠢᠭᠡᠷ | ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠬᠤᠷᠢᠠᠠᠯᠠᠬᠤ ᠳᠦᠷᠢᠮ ᠢ ᠴᠢᠩᠭ᠎ᠠ | ᠬᠡᠷᠡᠭᠵᠢᠭᠦᠯᠦᠨ᠂ ᠪᠤᠬᠢᠷᠳᠠᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠷᠴᠢᠮ ᠢ | ᠴᠢᠩᠭᠠᠷᠠᠭᠤᠯᠵᠤ᠂ 9019 ᠲᠦᠮᠡᠨ ᠲᠥᠭᠦᠷᠢᠭ ᠤᠨ ᠪᠡᠯᠡ ᠤᠷᠤᠭᠤᠯᠤᠨ 3.05 ᠲᠡᠭᠰᠢ ᠳᠥᠷᠪᠡᠯᠵᠢᠨ ᠺᠢᠯᠣᠮᠧᠲᠷ | ᠠᠭᠤᠷᠬᠠᠢ ᠶᠢᠨ ᠲᠠᠯᠠᠪᠠᠶ ᠶᠢ ᠵᠠᠰᠠᠪᠠ᠃ | | |