ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠬᠦᠮ ᠪᠠᠷᠠᠭᠤᠨ ᠦᠵᠦᠮᠦᠴᠢᠨ ᠬᠤᠰᠢᠭᠤᠨ ᠳᠤ ᠢᠷᠡᠵᠦ  ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/8/20
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠲᠢᠩᠬᠢᠮ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠬᠠᠮᠲᠤᠷᠠᠨ ᠵᠣᠬᠢᠶᠠᠨ ᠪᠠᠶᠢᠭᠤᠯᠤᠭᠰᠠᠨ 2024 ᠣᠨ ᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ︾ ᠠᠷᠠᠳ ᠲᠤ ᠠᠰᠢᠭ ᠬᠦᠷᠲᠡᠭᠡᠬᠦ ᠰᠢᠷᠢᠰ ᠦᠨᠳᠦᠰᠦᠨ ᠱᠠᠲᠤᠨ ᠤ ᠲᠣᠭᠯᠠᠯᠲᠠ  ᠪᠠᠷᠠᠭᠤᠨ ᠦᠵᠦᠮᠦᠴᠢᠨ ᠬᠤᠰᠢᠭᠤᠨ ᠳᠤ ᠡᠬᠢᠯᠡᠨ ᠶᠠᠪᠤᠭᠳᠠᠪᠠ᠃       8 ᠰᠠᠷ᠎ᠠ ᠶᠢᠨ 16 ᠤ  ᠦᠳᠡ ᠶᠢᠨ ᠡᠮᠦᠨᠡᠬᠢ 10 ᠴᠠᠭ ᠲᠤ᠂ ᠪᠠᠷᠠᠭᠤᠨ ᠦᠵᠦᠮᠦᠴᠢᠨ ᠬᠤᠰᠢᠭᠤᠨ ᠤ ᠷᠠᠳᠠᠷ ᠤᠨ ᠴᠡᠷᠢᠭ ᠠᠩᠭᠢ ᠳᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠠᠪᠤᠭᠳᠠᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠬᠦᠮ ᠤᠨ ᠤᠷᠠᠯᠢᠭᠴᠢᠳ ᠠᠴᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠬᠦᠤᠮᠡᠶ᠂ ᠬᠥᠭᠵᠢᠮ ᠤᠨ ᠲᠣᠭᠯᠠᠯᠲᠠ ᠵᠡᠷᠭᠡ ᠭᠤᠶᠢᠳᠠ ᠰᠠᠶᠢᠬᠠᠨ  ᠲᠣᠭᠯᠠᠯᠲᠠ   ᠪᠠᠨ ᠬᠦᠷᠭᠡᠵᠦ᠂ ᠨᠠᠮ  ᠤᠨ ᠬᠤᠷᠢᠳᠤᠭᠠᠷ ᠶᠡᠭᠡ ᠬᠤᠷᠠᠯ  ᠤᠨ  ᠵᠣᠷᠢᠭ ᠰᠠᠨᠠᠭ᠎ᠠ ᠶᠢ ᠤᠬᠠᠭᠤᠯᠤᠨ᠂  ᠲᠡᠳᠡᠨ ᠤ ᠰᠣᠶᠣᠯ  ᠤᠨ ᠠᠮᠢᠳᠤᠷᠠᠯ  ᠢ ᠪᠠᠶᠠᠯᠢᠭᠵᠢᠭᠤᠯᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠭᠤᠷᠪᠠᠨ ᠡᠳᠦᠷ ᠬᠤᠭᠤᠴᠠᠭ᠎ᠠ ᠲᠠᠢ ᠲᠤᠰ ᠲᠤᠰ ᠷᠠᠳᠠᠷ ᠤᠨ ᠴᠡᠷᠢᠭ ᠠᠩᠭᠢ᠂ ᠦᠵᠦᠮᠦᠴᠢᠨ ᠰᠣᠶᠣᠯ ᠤᠨ ᠲᠠᠯᠠᠪᠠᠶ᠂ ᠤᠯᠠᠭᠠᠨᠬᠠᠯᠠᠭ᠎ᠠ ᠰᠤᠮᠤ᠂ ᠪᠠᠶᠠᠰᠤᠯ ᠰᠠᠭᠤᠭᠠᠯᠢ ᠲᠣᠭᠤᠷᠢᠭ᠂  ᠪᠠᠶ᠋ᠬᠠᠷᠬᠡᠳᠣ ᠭᠠᠴᠠᠭ᠎ᠠ᠂ ᠪᠠᠶᠠᠩᠬᠤᠸᠠ ᠳᠥᠷᠪᠡᠳᠦᠭᠡᠷ ᠠᠭᠤᠷᠬᠠᠢ ᠵᠡᠷᠭᠡ  ᠵᠢᠷᠭᠤᠭᠠᠨ ᠲᠠᠯᠠᠪᠤᠷ ᠲᠤ ᠶᠠᠪᠤᠭᠳᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号