ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠰᠣᠨᠣᠷ ᠤᠨ  ᠪᠡᠷᠬᠡᠰᠢᠶᠡᠯ ᠲᠠᠢ ᠬᠦᠮᠦᠰ ᠲᠤ ᠰᠣᠨᠣᠷ ᠲᠤᠳᠤᠤᠡᠬᠠᠭᠤᠷ‌‍ᠲ᠋ᠤᠬᠢᠷᠠᠭᠤᠯᠬᠤ ᠬᠠᠷᠠᠭᠠᠯᠵᠠᠯ ᠬᠥᠷᠲᠡᠭᠡᠪᠡ
ᠨᠡᠶᠢᠲᠡᠯᠡᠭᠰᠡᠨ ᠴᠠᠭ᠄
2024/8/20
   ᠵᠡᠮᠳᠡᠭᠴᠦᠳ ᠤᠨ ᠡᠷᠡᠭᠦᠯᠵᠢᠭᠦᠯᠬᠦ ᠦᠢᠯᠡᠴᠢᠯᠡᠭᠡ ᠶᠢ ᠨᠠᠷᠢᠯᠢᠭ ᠤᠨᠤᠪᠴᠢᠲᠠᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠨᠠᠩ ᠰᠠᠶᠢᠨ ᠠᠭᠤᠰᠤᠯᠴᠠᠬᠤ ᠶᠢ ᠪᠥᠬᠦ ᠬᠦᠴᠦᠨ ᠢᠶᠠᠷ ᠢᠶᠠᠨ ᠳᠡᠮᠵᠢᠬᠦ ᠶᠢᠨ ᠲᠤᠰᠠᠳᠠ᠂ 7 ᠰᠠᠷ᠎ᠠ ᠶᠢᠨ ᠰᠡᠭᠦᠯᠴᠢ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠲᠤᠰᠬᠠᠢ ᠮᠡᠷᠭᠡᠵᠢᠯ ᠤᠨ ᠰᠣᠨᠣᠷ ᠲᠤᠳᠤᠤᠡᠬᠠᠭᠤᠷ ᠲᠤᠬᠢᠷᠠᠭᠤᠯᠬᠤ ᠪᠦᠯᠬᠦᠮ ᠢ ᠤᠷᠢᠵᠤ᠂ ᠰᠣᠨᠣᠷ ᠤᠨ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠰᠣᠨᠣᠷ ᠲᠤᠳᠤᠤᠡᠬᠠᠭᠤᠷ ᠲᠤᠬᠢᠷᠠᠭᠤᠯᠬᠤ ᠦᠢᠯᠡᠴᠢᠯᠡᠭᠡ ᠬᠠᠩᠭᠠᠪᠠ᠃    ᠡᠨᠡ ᠵᠢᠯ 29 ᠨᠠᠰᠤᠲᠠᠢ ᠮᠢᠩ ᠴᠢᠩ ᠰᠣᠨᠣᠷ ᠲᠤᠳᠤᠤᠡᠬᠠᠭᠤᠷ ᠢ ᠲᠤᠬᠢᠷᠠᠭᠤᠯᠤᠮᠠᠭᠴᠠ ᠴᠢᠬᠢᠨ ᠰᠤᠨᠤᠷ ᠨᠢ ᠳᠡᠭᠡᠭᠰᠢᠯᠡᠵᠦ᠂ ᠭᠠᠳᠠᠭᠠᠳᠣ ᠣᠷᠴᠢᠨ ᠤ ᠳᠠᠭᠤᠨ ᠢ ᠣᠯᠵᠤ ᠰᠣᠨᠣᠰᠣᠭᠠᠳ ᠮᠠᠰᠢ ᠰᠡᠳᠬᠢᠯ ᠲᠤᠭᠳᠤᠯᠵᠤ᠂ ᠴᠢᠷᠠᠢ ᠳᠦᠭᠦᠷᠡᠩ ᠪᠠᠶᠠᠷᠲᠠᠢ ᠪᠠᠶᠢᠯ᠎ᠠ᠃ ᠰᠢᠯᠭᠠᠨ ᠲᠣᠬᠢᠷᠠᠭᠤᠯᠬᠤ ᠡᠮᠴᠢ ᠠᠴᠠ ᠰᠣᠨᠣᠷ ᠤᠨ ᠪᠡᠷᠬᠡᠰᠢᠶᠡᠯ ᠲᠠᠢ ᠬᠦᠮᠦᠰ ᠲᠤ ᠨᠢᠭᠡ ᠨᠢᠭᠡ ᠪᠠᠷ ᠰᠣᠨᠣᠷ ᠤᠨ ᠣᠨᠣᠰᠢᠯᠠᠯᠲᠠ ᠶᠢᠨ ᠰᠢᠯᠭᠠᠨ ᠪᠠᠶᠢᠴᠠᠭᠠᠯᠲᠠ ᠬᠢᠵᠦ᠂ ᠠᠳᠠᠯᠢ ᠪᠣᠰᠤ ᠲᠥᠷᠥᠯ ᠬᠡᠯᠪᠡᠷᠢ ᠪᠠ ᠠᠳᠠᠯᠢ ᠪᠤᠰᠤ  ᠬᠡᠮᠵᠢᠶᠡᠨ ᠤ ᠰᠣᠨᠣᠷ ᠤᠨ ᠭᠡᠮᠲᠦᠯ ᠤᠨ ᠪᠠᠶᠢᠳᠠᠯ ᠢ ᠦᠨᠳᠦᠰᠦᠯᠡᠨ᠂ ᠬᠠᠮᠤᠭ ᠤᠨ ᠲᠣᠬᠢᠷᠠᠮᠵᠢᠲᠠᠢ ᠰᠣᠨᠣᠷ ᠲᠤᠳᠤᠤᠡᠬᠠᠭᠤᠷ ᠢ ᠲᠣᠬᠢᠷᠠᠭᠤᠯᠬᠤ ᠶᠢᠨ ᠬᠠᠮᠲᠤ᠂ ᠲᠤᠰᠬᠠᠢ ᠡᠮᠴᠢ ᠠᠴᠠ ᠰᠣᠨᠣᠷ ᠲᠤᠳᠤᠤᠡᠬᠠᠭᠤᠷ ᠢ ᠵᠡᠭᠦᠬᠦ ᠵᠢᠱᠢᠶ᠎ᠡ ᠦᠵᠡᠭᠦᠯᠵᠦ᠂ ᠰᠣᠨᠣᠷ ᠲᠤᠳᠤᠤᠡᠬᠠᠭᠤᠷ ᠤᠨ ᠵᠥᠪ ᠣᠨᠣᠪᠴᠢᠲᠠᠶ ᠬᠡᠷᠡᠭᠯᠡᠬᠦ ᠠᠷᠭ᠎ᠠ ᠪᠠ ᠡᠳᠦᠷ ᠲᠤᠲᠤᠮ ᠤᠨ ᠠᠷᠠᠴᠢᠯᠠᠯᠲᠠ ᠶᠢᠨ ᠭᠤᠣᠯᠳᠠᠯᠭ᠎ᠠ ᠪᠣᠯᠣᠨ ᠬᠤᠯᠪᠣᠭᠳᠠᠯ ᠪᠦᠬᠦᠢ ᠠᠩᠬᠠᠷᠬᠤ ᠵᠦᠢᠯᠡᠰ ᠢ  ᠨᠠᠷᠢᠨ ᠲᠠᠶᠢᠯᠪᠤᠷᠢᠯᠠᠭᠰᠠᠨ ᠪᠠᠶᠢᠨ᠎ᠠ᠃     ᠲᠤᠰ ᠣᠳᠠᠭᠠᠨ ᠤ ᠠᠵᠢᠯᠯᠠᠭ᠎ᠠ  ᠳᠤ ᠨᠡᠶᠢᠲᠡ 60 ᠰᠣᠨᠣᠷ ᠤᠨ ᠪᠡᠷᠬᠡᠰᠢᠶᠡᠯ ᠲᠠᠢ ᠬᠦᠮᠦᠰ ᠳᠤ ᠰᠦᠢᠳᠬᠡᠯ ᠬᠤᠷᠢᠶᠠᠬᠤ ᠦᠭᠡᠢ ᠰᠣᠨᠣᠷ ᠲᠤᠳᠤᠤᠡᠬᠠᠭᠤᠷ ᠲᠤᠬᠢᠷᠠᠭᠤᠯᠬᠤ ᠦᠢᠯᠡᠴᠢᠯᠡᠭᠡ  ᠬᠠᠩᠭᠠᠵᠤ᠂ ᠰᠣᠨᠣᠰᠬᠤ ᠴᠢᠳᠠᠪᠤᠷᠢ ᠶᠢ  ᠨᠢ ᠰᠠᠶᠢᠵᠢᠷᠠᠭᠤᠯᠤᠨ᠂ ᠲᠡᠳᠡᠨ ᠤ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠨᠢ ᠬᠥᠩᠭᠡᠷᠡᠭᠦᠯᠵᠦ᠂ ᠲᠡᠳᠡᠨ ᠤ ᠨᠡᠶᠢᠭᠡᠮ ᠳᠤ ᠠᠭᠤᠰᠤᠯᠴᠠᠬᠤ ᠪᠠ ᠬᠠᠷᠢᠯᠴᠠᠭᠠᠨ ᠤ ᠴᠢᠳᠠᠪᠤᠷᠢ ᠶᠢ ᠨᠢ ᠳᠡᠭᠡᠭᠰᠢᠯᠡᠭᠦᠯᠵᠦ᠂  ᠰᠠᠶᠢᠨ ᠰᠠᠶᠢᠬᠠᠨ ᠠᠮᠢᠳᠤᠷᠠᠯ ᠤᠨ ᠢᠲᠡᠭᠡᠯ᠂ ᠬᠦᠰᠡᠯ ᠡᠷᠡᠮᠡᠯᠵᠡᠯ ᠢ ᠨᠢ ᠨᠡᠮᠡᠭᠳᠡᠭᠦᠯᠦᠭᠰᠡᠨ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠢᠨ ᠰᠣᠨᠣᠷ ᠤᠨ ᠵᠡᠮᠳᠡᠭᠴᠦᠳ ᠢ ᠨᠡᠩ ᠰᠠᠶᠢᠨ ᠠᠩᠬᠠᠷᠤᠨ ᠬᠠᠯᠠᠮᠵᠢᠯᠠᠬᠤ ᠶᠢ ᠣᠷᠢᠶᠠᠯᠠᠭᠰᠠᠨ ᠪᠠᠶᠢᠨ᠎ᠠ    ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ  ᠬᠤᠰᠢᠭᠤ ᠵᠡᠮᠳᠡᠭᠴᠦᠳ ᠤᠨ ᠪᠠᠲᠤᠯᠠᠭ᠎ᠠ  ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠲᠠᠯ᠎ᠠ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠲᠡᠭᠦᠯᠳᠡᠷᠵᠢᠭᠦᠯᠵᠦ᠂ ᠵᠡᠮᠳᠡᠭᠴᠦᠳ ᠲᠤ ᠨᠡᠩ ᠣᠨᠣᠪᠴᠢᠲᠠᠢ᠂ ᠨᠡᠩ ᠪᠦᠲᠦᠮᠵᠢᠲᠡᠢ ᠡᠷᠡᠭᠦᠯᠵᠢᠯ ᠤᠨ ᠡᠮᠴᠢᠯᠡᠭᠡ ᠬᠠᠩᠭᠠᠵᠤ᠂ ᠲᠡᠳᠡᠨ ᠤ ᠪᠡᠶ᠎ᠡ ᠮᠠᠬᠠᠪᠤᠳ ᠤᠨ ᠠᠵᠢᠯᠯᠠᠭ᠎ᠠ ᠶᠢ ᠨᠢ ᠰᠡᠷᠭᠦᠭᠡᠨ᠂ ᠠᠮᠢᠳᠤᠷᠠᠯ ᠤᠨ ᠦᠨᠳᠦᠰᠦᠨ ᠴᠢᠳᠠᠪᠤᠷᠢ ᠪᠠ ᠨᠡᠶᠢᠭᠡᠮ ᠳᠤ ᠠᠭᠤᠰᠤᠯᠴᠠᠬᠤ᠂ ᠨᠡᠶᠢᠭᠡᠮ ᠤᠨ ᠬᠠᠷᠢᠯᠴᠠᠭᠠᠨ ᠤ ᠴᠢᠳᠠᠪᠤᠷᠢ  ᠶᠢ ᠨᠢ ᠳᠡᠭᠡᠭᠰᠢᠯᠡᠭᠦᠯᠵᠦ᠂ ᠵᠡᠮᠳᠡᠭ ᠬᠥᠮᠥᠨ ᠨᠢᠭᠡᠪᠦᠷᠢ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠭᠡᠨ᠂ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ  ᠬᠦᠷᠳᠡᠭᠡᠬᠦ ᠪᠠᠷ ᠪᠣᠢ᠃      
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号