ᠬᠦᠳᠡᠯᠮᠦᠷᠢ ᠵᠠᠯᠠᠭᠤ ᠨᠠᠰᠣ ᠶᠢ ᠴᠢᠮᠡᠨ᠎ᠡ
ᠨᠡᠶᠢᠲᠡᠯᠡᠭᠰᠡᠨ ᠴᠠᠭ᠄
2024/8/20
    ᠡᠨᠡ ᠥᠷᠯᠦᠬᠡ ᠮᠠᠯᠴᠢᠨ ᠵᠠᠯᠠᠭᠤ ᠠᠯᠳᠠᠨᠳᠣᠯᠭᠠᠭᠤᠷᠢ᠂ ᠡᠷᠳᠡ ᠶᠢᠨ ᠲᠦᠷᠪᠡᠨ ᠴᠠᠭ ᠢᠶᠠᠷ ᠨᠠᠷᠠ ᠲᠠᠢ ᠣᠷᠣᠯᠳᠣᠨ ᠠᠵᠢᠯ ᠢᠶᠠᠨ ᠡᠬᠢᠯᠡᠬᠦᠯᠵᠦ᠂ ᠡᠮᠦᠨ᠎ᠡ ᠡᠳᠦᠷ ᠤᠨ ᠵᠠᠬᠢᠶᠠᠯᠠᠭ᠎ᠠ ᠶᠢᠨ 170 ᠭᠠᠷᠣᠢ ᠬᠤᠷᠠᠭ᠎ᠠ ᠪᠠᠨ ᠲᠡᠭᠡᠭᠡᠵᠦ ᠬᠦᠢᠳᠡᠨ ᠬᠦᠮᠦᠷᠭᠡ ᠳᠤ  ᠢᠷᠡᠭᠰᠡᠨ ᠪᠠᠶᠢᠯ᠎ᠠ᠃ ᠲᠡᠭᠦᠨ ᠤ ᠡᠳᠦᠷ ᠪᠦᠷᠢ ᠶᠢᠨ ᠠᠵᠢᠯ ᠡᠶᠢᠨᠬᠦ ᠴᠠᠭ ᠨᠠᠷᠠ ᠲᠠᠢ ᠣᠷᠣᠯᠳᠣᠨ ᠥᠷᠨᠢᠵᠦ ᠂ ᠬᠦᠯᠦᠰᠦ ᠬᠦᠳᠡᠯᠮᠦᠷᠢ ᠪᠠᠷ  ᠪᠦᠳᠦᠳᠡᠭ ᠠᠵᠣ ᠠᠮᠢᠳᠣᠷᠠᠯ ᠤᠨ ᠰᠢᠨᠡᠬᠡᠨ ᠡᠳᠦᠷ ᠤᠳ ᠢ ᠢᠩᠭᠢᠵᠦ ᠪᠢᠴᠢᠭᠯᠡᠵᠦ ᠡᠬᠢᠯᠡᠨ᠎ᠡ
    ᠮᠠᠯᠴᠢᠨ ᠠᠯᠳᠠᠨᠳᠣᠯᠭᠠᠭᠤᠷᠢ ᠶᠢᠨ ᠬᠢ ᠣᠯᠠᠭᠠᠨᠬᠠᠭᠠᠯᠭ᠎ᠠ ᠰᠣᠮᠣᠨ ᠤ ᠪᠠᠴᠢ ᠭᠠᠴᠠᠭᠠᠨ ᠳᠤ ᠮᠠᠯᠵᠢᠬᠤ ᠠᠮᠢᠳᠣᠷᠠᠯ   ᠢᠶᠠᠨ ᠡᠷᠬᠢᠯᠡᠳᠡᠭ ᠪᠠᠶᠢᠵᠣ᠂ ᠵᠢᠯ ᠳᠡᠭᠡᠨ ᠮᠠᠯ ᠣᠨᠤᠭ᠎ᠠ ᠭᠠᠷ ᠠᠴᠠ ᠭᠠᠷᠴᠣ ᠬᠦᠳᠡᠭᠡ ᠶᠢᠨ ᠠᠵᠢᠯ ᠨᠢ ᠰᠡᠯᠡᠬᠦᠭᠡᠨ ᠪᠣᠯᠪᠠᠯ ᠲᠡᠭᠡᠭᠡᠪᠦᠷᠢ ᠶᠢᠨ ᠮᠠᠰᠢᠨ ᠢᠶᠠᠷ ᠢᠶᠠᠨ ᠮᠠᠯ ᠣᠨᠤᠭ᠎ᠠ ᠲᠡᠭᠡᠭᠡᠬᠦ ᠠᠵᠢᠯ ᠬᠢᠵᠦ᠂ ᠮᠠᠯᠵᠢᠬᠤ ᠠᠮᠢᠳᠣᠷᠠᠯ ᠠᠬᠤᠢ ᠳᠠᠭᠠᠨ ᠠᠰᠢᠭ ᠣᠷᠣᠯᠭ᠎ᠠ ᠨᠡᠮᠡᠷᠢᠯᠡᠳᠡᠭ ᠪᠠᠶᠢᠨ᠎ᠠ᠃
    ᠠᠵᠢᠯ ᠬᠦᠳᠡᠯᠮᠦᠷᠢ ᠵᠢᠳᠬᠦᠯ ᠴᠢᠷᠮᠠᠶᠢᠯᠭ᠎ᠠ ᠲᠠᠢ ᠬᠦᠮᠦᠨ ᠢ ᠪᠠᠶᠢᠩᠭᠤ  ᠦᠭᠡᠳᠡ ᠨᠢ ᠲᠠᠳᠠᠵᠦ ᠪᠠᠶᠢᠳᠠᠭ ᠨᠢ ᠦᠨᠡᠨ ᠶᠣᠮ᠃ ᠬᠦᠳᠡᠭᠡ ᠨᠣᠳᠤᠭ ᠲᠤ ᠪᠠᠨ ᠰᠢᠨ᠎ᠡ ᠴᠠᠭ ᠤᠨ ᠮᠠᠯᠵᠢᠬᠤ ᠠᠮᠢᠳᠣᠷᠠᠯ ᠢ ᠴᠣᠭᠴᠠᠯᠠᠵᠣ ᠶᠠᠪᠣᠭ᠎ᠠ ᠮᠠᠯᠴᠢᠨ ᠵᠠᠯᠠᠭᠤ ᠠᠯᠳᠠᠨᠲᠣᠯᠭᠠᠭᠤᠷᠢ ᠠᠷᠪᠠᠭᠠᠳ ᠨᠠᠰᠣᠨ ᠠᠴᠠ ᠪᠠᠨ ᠠᠵᠢᠯ ᠬᠦᠳᠡᠯᠮᠦᠷᠢ ᠶᠢᠨ ᠬᠠᠳᠠᠭᠤ ᠶᠢ ᠬᠢᠵᠦ ᠠᠵᠣ ᠠᠮᠢᠳᠣᠷᠠᠯ ᠳᠤ  ᠪᠠᠨ ᠲᠣᠰᠠ ᠨᠡᠮᠡᠷᠢ ᠪᠣᠯᠭᠠᠵᠣ ᠶᠠᠪᠣᠳᠠᠭ ᠪᠠᠶᠢᠵᠣ᠂ ᠣᠶᠢᠷ᠎ᠠ ᠶᠢᠨ ᠲᠠᠪᠣᠨ ᠵᠢᠯ ᠭᠠᠷᠣᠢ ᠶᠢᠨ ᠲᠣᠷᠰᠢ ᠮᠠᠰᠢᠨ ᠲᠡᠭᠡᠭᠡᠪᠦᠷᠢ  ᠶᠢᠨ ᠠᠵᠢᠯ ᠢᠶᠠᠨ ᠠᠰᠢᠭ ᠣᠷᠣᠯᠭ᠎ᠠ ᠪᠠᠨ ᠨᠡᠮᠡᠭᠳᠡᠬᠦᠯᠬᠦ ᠪᠠᠰᠠ ᠨᠢᠭᠡᠨ ᠴᠢᠬᠤᠯᠠ ᠠᠵᠢᠯ ᠪᠣᠯᠭᠠᠵᠣ᠂ ᠵᠢᠯ ᠳᠡᠭᠡᠨ ᠭᠤᠷᠪᠠ  ᠠᠴᠠ ᠲᠠᠪᠣᠨ ᠲᠦᠮᠡᠨ ᠲᠦᠭᠦᠷᠢᠭ ᠤᠨ ᠣᠷᠣᠯᠭ᠎ᠠ ᠣᠯᠵᠣ᠂ ᠮᠠᠯ ᠤᠨ ᠡᠪᠡᠰᠦ ᠲᠡᠵᠢᠭᠡᠯ ᠵᠡᠷᠭᠡ ᠵᠠᠷᠣᠳᠠᠯ ᠤᠨ ᠢᠶᠠᠨ ᠶᠡᠬᠡᠩᠬᠢ ᠬᠡᠰᠡᠭ ᠢ ᠰᠢᠢᠳᠪᠦᠷᠢᠯᠡᠳᠡᠭ ᠪᠠᠶᠢᠨ᠎ᠠ᠃      ᠮᠠᠯᠴᠢᠨ ᠵᠠᠯᠠᠭᠤ ᠠᠯᠳᠠᠨᠲᠣᠯᠭᠠᠭᠤᠷᠢ ᠶᠢᠨ ᠠᠵᠢᠯ ᠤᠨ ᠵᠠᠮ ᠮᠥᠷ ᠦᠷᠬᠦᠯᠵᠢᠯᠡᠭᠰᠡᠭᠡᠷ᠂ ᠲᠠᠪᠣᠳᠠᠬᠢ  ᠵᠢᠯ ᠢᠶᠠᠨ ᠣᠭᠳᠣᠵᠣ ᠶᠠᠪᠣᠨ᠎ᠠ ᠁
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号