ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠠᠵᠢᠯᠯᠠᠭ᠎ᠠ ᠲᠡᠭᠡᠷ᠎ᠡ ᠬᠠᠭᠠᠰ ᠵᠢᠯ ᠳᠤ ᠲᠣᠭᠲᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2024/8/20
    2024 ᠣᠨ ᠤ ᠳᠡᠭᠡᠷ᠎ᠡ ᠬᠠᠭᠠᠰ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠠᠵᠢᠯᠯᠠᠭ᠎ᠠ ᠶᠡᠷᠦᠩᠬᠡᠢ ᠳᠡᠭᠡᠨ ᠲᠣᠭᠲᠠᠭᠤᠨ‌ᠠᠬᠢᠴᠠ ᠲᠠᠢ ᠪᠠᠶᠢᠵᠤ᠂ ᠲᠦᠷᠦ ᠶᠢᠨ ᠪᠣᠳᠣᠯᠭ᠎ᠠ ᠪᠠᠷ ᠦᠷᠭᠦᠯᠵᠢᠯᠡᠨ ᠠᠬᠢᠭᠤᠯᠬᠤ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠭᠠᠯᠳᠤᠨ᠂ ᠡᠯ᠎ᠡ ᠠᠵᠢᠯ ᠲᠦᠷᠦᠯ ᠤᠨ ᠬᠢᠨ ᠨᠡᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃     ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠨᠢ ᠳᠡᠭᠡᠷ᠎ᠡ ᠬᠠᠭᠠᠰ ᠵᠢᠯ  ᠳᠤ 500kA ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠮᠡᠷᠭᠡᠵᠢᠯ ᠤᠨ ᠱᠤᠭᠤᠮ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠴᠠᠬᠢᠯᠭᠠᠨ ᠤ ᠬᠤᠷᠣᠭᠳᠠᠯ ᠢ ᠪᠠᠭᠠᠰᠬᠠᠵᠤ᠂ ᠴᠠᠬᠢᠯᠭᠠᠨ ᠭᠦᠶᠦᠳᠡᠯ ᠤᠨ ᠠᠰᠢᠭᠯᠠᠮᠵᠢ ᠶᠢ ᠳᠡᠭᠡᠭᠰᠢᠯᠡᠭᠦᠯᠦᠨ᠂ ᠪᠥᠬᠦ ᠵᠢᠯ ᠤᠨ ᠶᠡᠷᠦᠩᠬᠡᠶᠢᠯᠡᠭᠰᠡᠨ ᠬᠤᠪᠢᠰᠤᠮᠠᠯ ᠭᠦᠶᠦᠳᠡᠯᠲᠦ ᠴᠠᠬᠢᠯᠭᠠᠨ ᠤ ᠬᠤᠷᠣᠭᠳᠠᠯ ᠢ 13370 ᠺᠢᠯᠣᠸᠠᠲ ᠴᠠᠭ/ᠲᠣᠨ ᠬᠥᠩᠭᠡᠨᠴᠠᠭᠠᠨ ᠠᠴᠠ ᠳᠣᠣᠷ᠎ᠠ ᠪᠠᠶᠢᠬᠤ ᠪᠠᠷ ᠬᠢᠵᠠᠭᠠᠷᠯᠠᠵᠤ᠂ 21 ᠲᠦᠮᠡᠨ ᠲᠣᠨ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠢ ᠦᠢᠯᠡᠳᠪᠦᠷᠢᠯᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 95.71% ᠪᠠᠷ ᠨᠡᠮᠡᠭᠳᠡᠨ᠂ ᠬᠥᠩᠭᠡᠨᠴᠠᠭᠠᠨ ᠤ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ 119% ᠪᠠᠷ ᠨᠡᠮᠡᠭᠳᠡᠵᠦ᠂ ᠭᠠᠳᠠᠭᠰᠢ ᠪᠣᠷᠣᠯᠠᠭᠤᠯᠤᠭᠰᠠᠨ ᠬᠥᠩᠭᠡᠨᠴᠠᠭᠠᠨ ᠤ ᠰᠢᠩᠭᠡᠨ ᠤ ᠬᠡᠮᠵᠢᠶ᠎ᠡ 100% ᠶᠢ ᠡᠵᠡᠯᠡᠵᠦ᠂ ᠣᠨ ᠤ ᠠᠰᠢᠭ ᠬᠤᠨᠵᠢᠪᠤᠷᠢ ᠶᠢᠨ ᠬᠠᠷᠠᠯᠲᠠ ᠶᠢᠨ ᠢᠶᠠᠨ 101.42% ᠢ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃     ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠪᠠᠷᠠᠭᠤᠨ ᠦᠵᠦᠮᠦᠴᠢᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1118467 ᠲᠦᠮᠡᠨ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠵᠡᠢ᠃ ᠠᠵᠤ ᠦᠢᠯᠡᠰ ᠢᠶᠠᠷ ᠠᠩᠭᠢᠯᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 14089 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 970519 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.0% ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 133859 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ᠃    ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ 23114 ᠲᠦᠮᠡᠨ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ  ᠬᠢ ᠠᠴᠠ 3.2% ᠨᠡᠮᠡᠭᠳᠡᠪᠡ᠃    ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠪᠡ    ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 43.9% ᠨᠡᠮᠡᠭᠳᠡᠪᠡ᠃ ᠨᠡᠮᠡᠭᠳᠡᠯ ᠥᠷᠲᠡᠭ  ᠨᠢ ᠠᠳᠠᠯᠢ ᠬᠤᠭᠤᠴᠠᠭᠠᠨ ᠤ ᠬᠢ ᠠᠴᠠ 21.9% ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠨᠡᠭᠦᠷᠡᠰᠦᠨ ᠤ ᠭᠠᠷᠤᠯᠲᠠ 3211.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.8%  ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ 120 .2 ᠳ᠋ᠦᠩᠰᠢᠭᠤᠷ ᠺᠢᠯᠣᠸᠠᠲ ᠴᠠᠭ ᠲᠤ ᠬᠦᠷᠴᠦ᠂  ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃ ᠦᠢᠯᠡᠳᠬᠦᠨ ᠤ ᠦᠷᠲᠡᠭ ᠢ ᠭᠤᠣᠯᠳᠠᠯᠭ᠎ᠠ ᠲᠠᠢ ᠠᠵᠢᠯ ᠲᠦᠷᠦᠯ ᠤᠨ ᠲᠠᠯ᠎ᠠ ᠠᠴᠠ ᠠᠪᠴᠤ ᠦᠵᠡᠪᠡᠯ᠂ ᠨᠡᠭᠦᠷᠡᠰᠦ ᠮᠠᠯᠲᠠᠬᠤ ᠦᠢᠯᠡᠰ ᠤᠨ ᠦᠢᠯᠡᠳᠬᠦᠨ ᠤ ᠦᠷᠲᠡᠭ 10.9%  ᠪᠠᠷ ᠨᠡᠮᠡᠭᠳᠡᠵᠦ᠂ ᠥᠩᠭᠡᠲᠦ ᠲᠡᠮᠦᠷᠯᠢᠭ ᠤᠨ ᠬᠦᠳᠡᠷ ᠰᠢᠯᠢᠬᠦ ᠦᠢᠯᠡᠰ ᠤᠨ ᠦᠢᠯᠡᠳᠬᠦᠨ ᠤ ᠦᠷᠲᠡᠭ 92.1% ᠪᠠᠷ ᠨᠡᠮᠡᠭᠳᠡᠵᠦ᠂ ᠥᠩᠭᠡᠲᠦ ᠲᠡᠮᠦᠷᠯᠢᠭ ᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠦᠷᠲᠡᠭ 1.2 ᠳᠠᠬᠢᠨ ᠢᠶᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠦᠷᠲᠡᠭ 6.2% ᠢᠶᠠᠷ ᠨᠡᠮᠡᠭᠳᠡᠪᠡ᠃    ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠪᠡ    ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠵᠤ᠂ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠵᠦ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 0.4% ᠨᠡᠮᠡᠭᠳᠡᠵᠦ᠂ ᠭᠡᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 2.9% ᠨᠡᠮᠡᠭᠳᠡᠵᠦ᠂ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 7.7% ᠨᠡᠮᠡᠭᠳᠡᠵᠡᠢ᠃    ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 53578 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 46451 ᠲᠦᠮᠡᠨ ᠲᠥᠭᠦᠷᠢᠭ ᠲᠤ ᠬᠦᠷᠴᠦ᠂ 0.8% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 7127 ᠲᠦᠮᠡᠨ ᠲᠥᠭᠦᠷᠢᠭ ᠲᠤ ᠬᠦᠷᠴᠦ᠂ 1.5% ᠪᠠᠷ ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ 8341 ᠲᠦᠮᠡᠨ ᠲᠥᠭᠦᠷᠢᠭ ᠲᠤ ᠬᠦᠷᠴᠦ᠂ 6.6% ᠨᠡᠮᠡᠭᠳᠡᠪᠡ᠃    ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠡᠬᠡᠪᠡᠷ ᠨᠡᠮᠡᠭᠳᠡᠪᠡ    ᠳᠡᠭᠡᠷ᠎ᠡ ᠬᠠᠭᠠᠰ ᠵᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 69.6% ᠪᠠᠷ ᠨᠡᠮᠡᠭᠳᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 85.2% ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 23.0% ᠪᠠᠭᠤᠷᠠᠪᠠ᠃ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ    ᠳᠡᠭᠡᠷ᠎ᠡ ᠬᠠᠭᠠᠰ ᠵᠢᠯ ᠳᠤ᠂ ᠪᠥᠬᠦ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ 19073 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠬᠤᠳᠠ ᠬᠥᠳᠡᠭᠡ ᠪᠠᠷ ᠠᠩᠭᠢᠯᠠᠪᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25066 ᠲᠥᠭᠦᠷᠢᠭ ᠲᠤ ᠬᠦᠷᠴᠦ᠂ 5.2% ᠢᠶᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11356 ᠲᠥᠭᠦᠷᠢᠭ ᠲᠤ ᠬᠦᠷᠴᠦ᠂ 5.8% ᠪᠠᠷ ᠨᠡᠮᠡᠭᠳᠡᠪᠡ᠃ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 12543 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠨᠡᠮᠡᠭᠳᠡᠪᠡ᠃ ᠬᠤᠳᠠ ᠬᠥᠳᠡᠭᠡ ᠪᠠᠷ ᠠᠩᠭᠢᠯᠠᠪᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 14825 ᠲᠥᠭᠦᠷᠢᠭ ᠲᠤ ᠬᠦᠷᠴᠦ᠂ 5.1% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 9797 ᠲᠥᠭᠦᠷᠢᠭ ᠲᠤ ᠬᠦᠷᠴᠦ᠂ 8.6% ᠪᠠᠷ ᠨᠡᠮᠡᠭᠳᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号