︽ᠲᠤᠰᠬᠠᠢ ᠠᠰᠢᠭ ᠤᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ | ᠰᠢᠯᠢᠳᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠮᠡᠳᠡᠭᠳᠡᠯ︾ ︵ᠡᠳ᠋ ᠭᠠᠶᠢᠯᠢ〔 2024〕23 ᠳ᠋ᠤᠭᠠᠷ ᠲᠣᠭᠠᠲᠤ︶᠂ ︽ᠲᠤᠰᠬᠠᠢ ᠠᠰᠢᠭ ᠤᠨ | ᠡᠷᠬᠡ ᠶᠢᠨ ᠨᠥᠬᠦᠪᠦᠷᠢ ᠶᠢᠨ ᠬᠤᠭᠤᠴᠠᠭᠠᠨ ᠤ ᠣᠨ ᠤ ᠰᠦᠢᠳᠬᠡᠯ ᠤᠨ ᠪᠠᠷᠢᠮᠵᠢᠶ᠎ᠠ ᠵᠡᠷᠭᠡ ᠬᠤᠯᠪᠣᠭᠳᠠᠯ ᠪᠦᠬᠦᠢ | ᠵᠦᠢᠯᠡᠰ ᠤᠨ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ〔 2024〕 1156 ᠳ᠋ᠤᠭᠠᠷ ᠲᠣᠭᠠᠲᠤ︶ ᠢ | ᠦᠨᠳᠦᠰᠦᠯᠡᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠢᠨ ᠳᠡᠭᠡᠷ᠎ᠡ | ᠳᠤᠷᠠᠳᠤᠭᠰᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠰᠡᠭ ᠲᠤᠰᠬᠠᠢ ᠠᠰᠢᠭ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠪᠠ ᠬᠠᠰᠤᠵᠤ ᠲᠤᠰᠢᠶᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠤᠰᠬᠠᠢ ᠠᠰᠢᠭ ᠤᠨ ᠡᠷᠬᠡᠲᠦ ᠬᠥᠮᠥᠨ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ | ᠨᠥᠬᠦᠪᠦᠷᠢ ᠠᠪᠬᠤ ᠭᠤᠶᠤᠴᠢᠯᠠᠯ ᠭᠠᠷᠭᠠᠪᠠᠯ᠂ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠦᠷᠢ | ᠠᠪᠬᠤ ᠭᠤᠶᠤᠴᠢᠯᠠᠯ ᠤᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢᠯ | ᠪᠦᠷᠢ ᠳᠤ 200 ᠲᠥᠭᠦᠷᠢᠭ ᠪᠣᠯᠣᠨ᠎ᠠ᠃ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠦᠷᠢ ᠠᠪᠬᠤ | ᠭᠤᠶᠤᠴᠢᠯᠠᠯ ᠢ ᠬᠢᠨᠠᠨ ᠪᠠᠶᠢᠴᠠᠭᠠᠭᠠᠳ ᠬᠤᠭᠤᠴᠠᠭ᠎ᠠ ᠬᠢᠵᠠᠭᠠᠷ ᠤᠨ ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ | ᠪᠠᠶᠢᠪᠠᠯ᠂ ᠲᠤᠰᠬᠠᠢ ᠠᠰᠢᠭ ᠤᠨ ᠡᠷᠬᠡ ᠶᠢᠨ ᠨᠥᠬᠦᠪᠦᠷᠢ ᠥᠭᠬᠦ ᠬᠤᠭᠤᠴᠠᠭᠠᠨ ᠤ ᠵᠢᠯ ᠤᠨ ᠰᠦᠢᠳᠬᠡᠯ ᠲᠤᠰᠢᠶᠠᠬᠤ | ᠬᠡᠷᠡᠭᠲᠡᠢ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢᠯᠡᠰ ᠪᠦᠷᠢ ᠠᠴᠠ ᠵᠢᠯ ᠳᠤ 8000 ᠲᠥᠭᠦᠷᠢᠭ ᠬᠤᠷᠢᠶᠠᠨ᠎ᠠ᠂ | ᠨᠢᠭᠡ ᠵᠢᠯ ᠬᠦᠷᠬᠦ ᠦᠭᠡᠢ ᠬᠡᠰᠡᠭ ᠠᠴᠠ ᠰᠦᠢᠳᠬᠡᠯ ᠬᠤᠷᠢᠶᠠᠬᠤ ᠦᠭᠡᠢ᠃᠃ | ᠬᠤᠶᠠᠷ᠂ ᠲᠤᠰᠬᠠᠢ ᠠᠰᠢᠭ ᠤᠨ ᠨᠡᠭᠡᠭᠡᠯᠲᠡ ᠬᠢᠬᠦ ᠶᠢ ᠵᠥᠪᠰᠢᠶᠡᠷᠡᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ | ᠲᠤᠰᠬᠠᠢ ᠠᠰᠢᠭ ᠤᠨ ᠣᠨ ᠤ ᠵᠠᠷᠤᠳᠠᠯ ᠢ 15% ᠪᠠᠷ ᠬᠠᠰᠤᠵᠤ ᠬᠡᠯᠲᠦᠷᠢᠭᠦᠯᠦᠨ᠎ᠡ᠃ ᠡᠭᠦᠨ ᠤ ᠬᠠᠮᠲᠤ ᠲᠤᠰᠬᠠᠢ | ᠠᠰᠢᠭ ᠤᠨ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠪᠤᠰᠤᠳ ᠲᠥᠷᠥ ᠶᠢᠨ ᠪᠣᠳᠣᠯᠭ᠎ᠠ ᠶᠢ ᠬᠡᠷᠡᠭᠯᠡᠬᠦ ᠳᠤ | ᠲᠣᠬᠢᠷᠠᠪᠠᠯ᠂ ᠬᠠᠮᠤᠭ ᠤᠨ ᠬᠠᠷᠠᠭᠠᠯᠵᠠᠯ ᠲᠠᠢ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠣᠨ᠎ᠠ᠂ ᠭᠡᠪᠡᠴᠦ | ᠳᠠᠪᠬᠤᠷᠳᠠᠭᠤᠯᠤᠨ ᠭᠥᠷᠳᠡᠵᠦ ᠪᠣᠯᠬᠤ ᠦᠭᠡᠢ᠃ | |