ᠤᠨᠲᠠᠬᠤ ᠦᠶ᠎ᠡ ᠶᠢᠨ ᠨᠢᠭᠡᠨ ᠬᠤᠪᠢᠷᠠᠯᠲᠠ ᠨᠢ ᠥᠲᠡᠯᠬᠦ ᠶᠢᠨ ᠳᠣᠬᠢᠶ᠎ᠠ ᠪᠠᠶᠢᠵᠤ ᠮᠡᠳᠡᠨ᠎ᠡ᠂ ᠮᠠᠭᠤ ᠡᠷᠭᠢᠯᠲᠡ ᠨᠢ ᠥᠲᠡᠯᠬᠦ ᠶᠢ ᠲᠦᠷᠭᠡᠳᠬᠡᠨ᠎ᠡ︕
ᠨᠡᠶᠢᠲᠡᠯᠡᠭᠰᠡᠨ ᠴᠠᠭ᠄
2024/8/21
      ᠡᠮᠴᠢᠯᠡᠭᠡᠨ ᠤ ᠠᠨᠠᠭᠠᠬᠤ ᠤᠬᠠᠭᠠᠨ ᠤ ᠲᠠᠯ᠎ᠠ ᠠᠴᠠ ᠠᠪᠴᠤ ᠬᠡᠯᠡᠪᠡᠯ ᠥᠷᠯᠥᠭᠡ ᠡᠷᠲᠡ ᠶᠢᠨ 2 ᠠᠴᠠ 4 4ᠴᠠᠭ ᠲᠤ ᠰᠠᠷᠢᠵᠤ᠂ ᠰᠡᠷᠭᠦᠭᠰᠡᠨ ᠤ ᠰᠡᠭᠦᠯᠡᠷ ᠳᠠᠬᠢᠨ ᠤᠨᠲᠠᠵᠤ ᠴᠢᠳᠠᠬᠤ ᠦᠭᠡᠢ ᠦᠵᠡᠭᠳᠡᠯ ᠢ ︽ᠡᠷᠲᠡ ᠰᠡᠷᠢᠬᠦ︾ ᠭᠡᠳᠡᠭ᠃ ᠬᠠᠶᠠ ᠵᠠᠷᠢᠮ ᠳᠠᠭᠠᠨ ᠡᠷᠲᠡ ᠰᠡᠷᠢᠬᠦ ᠨᠢ ᠬᠥᠮᠥᠨ ᠤ ᠪᠡᠶ᠎ᠡ ᠥᠲᠡᠯᠬᠦ ᠶᠢᠨ ᠬᠡᠪ ᠤᠨ ᠢᠯᠡᠷᠡᠯ ᠪᠣᠯᠣᠨ᠎ᠠ᠂ ᠤᠷᠲᠤ ᠬᠤᠭᠤᠴᠠᠭ᠎ᠠ ᠪᠠᠷ ᠡᠷᠲᠡ ᠰᠡᠷᠢᠬᠦ ᠠᠴᠠ ᠪᠣᠯᠵᠤ ᠪᠠᠰᠠ ᠪᠡᠶ᠎ᠡ ᠡᠪ ᠦᠭᠡᠶᠢᠷᠡᠬᠦ ᠪᠠᠶᠢᠳᠠᠯ ᠭᠠᠷᠬᠤ᠂ ᠲᠤᠬᠠᠶᠢᠯᠠᠪᠠᠯ ᠵᠢᠷᠦᠬᠡ ᠳᠡᠯᠡᠰᠬᠦ᠂ ᠴᠡᠭᠡᠵᠢ ᠪᠢᠲᠡᠭᠦᠷᠡᠬᠦ᠂ ᠰᠠᠭᠤᠯᠭᠠᠬᠤ ᠵᠡᠷᠭᠡ ᠪᠠᠶᠢᠳᠠᠯ ᠭᠠᠷᠴᠤ ᠮᠡᠳᠡᠨ᠎ᠡ᠂ ᠡᠨᠡ ᠨᠢ ᠠᠮᠢᠳᠤᠷᠠᠯ ᠤᠨ ᠴᠢᠨᠠᠷ ᠴᠢᠨᠰᠠᠭ᠎ᠠ ᠨᠢ ᠬᠦᠨᠳᠦ ᠨᠣᠴᠢᠲᠠᠢ ᠨᠥᠯᠥᠭᠡᠯᠡᠳᠡᠭ᠃ ᠵᠠᠷᠢᠮ ᠬᠥᠮᠥᠨ ᠡᠷᠲᠡ ᠰᠡᠷᠢᠭᠡᠳ ᠳᠠᠬᠢᠨ ᠤᠨᠲᠠᠵᠤ ᠲᠡᠶᠢᠯᠬᠦ ᠦᠭᠡᠢ᠂ ᠤᠷᠳᠤ ᠬᠤᠭᠤᠴᠠᠭ᠎ᠠ ᠪᠠᠷ ᠨᠣᠶᠢᠷ ᠠᠯᠳᠠᠳᠠᠭ᠃ ᠰᠠᠶᠢᠲᠤᠷ ᠤᠨᠲᠠᠵᠤ ᠲᠡᠶᠢᠯᠬᠦ ᠦᠭᠡᠢ ᠪᠣᠯ ᠨᠣᠶᠢᠷ ᠬᠦᠷᠬᠦ᠂ ᠣᠶᠤᠨ ᠰᠠᠨᠠᠭ᠎ᠠ ᠨᠢ ᠳᠣᠷᠣᠢ ᠪᠠᠭᠤᠷᠠᠢ ᠪᠤᠯᠬᠤ ᠪᠥᠭᠡᠳ ᠪᠠᠰᠠ ᠥᠲᠡᠯᠬᠦ ᠶᠢ ᠲᠦᠷᠭᠡᠳᠬᠡᠵᠦ ᠮᠡᠳᠡᠨ᠎ᠡ᠃        2024 ᠣᠨ ᠤ 3 ᠰᠠᠷ᠎ᠠ ᠳᠤ᠂ ᠴᠢᠩᠬᠤᠸᠠ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠡᠯᠲᠡᠰ ᠤᠨ ᠰᠤᠳᠤᠯᠤᠭᠴᠢ  ᠶᠢᠨ ︽ᠰᠢᠨᠵᠢᠯᠡᠬᠦ ᠤᠬᠠᠭᠠᠨ ᠤ ᠮᠡᠳᠡᠭᠦᠯᠦᠯᠲᠡ︾ ᠰᠡᠳᠬᠦᠯ ᠳᠡᠭᠡᠷ᠎ᠡ ᠨᠡᠶᠢᠲᠡᠯᠡᠭᠰᠡᠨ ᠰᠤᠳᠤᠯᠭᠠᠨ ᠳᠤ᠂ 7 ᠴᠠᠭ ᠤᠨᠲᠠᠪᠠᠯ ᠤᠷᠳᠤ ᠨᠠᠰᠤᠯᠠᠨ᠎ᠠ᠂ ᠬᠡᠳᠤ ᠤᠷᠳᠤ ᠴᠠᠭ ᠤᠨᠲᠠᠬᠤ ᠪᠠ ᠭᠡᠳᠦ ᠣᠬᠤᠷ ᠴᠠᠭ ᠤᠨᠲᠠᠬᠤ ᠨᠢ ᠪᠦᠷ ᠢᠯᠡᠷᠡᠯ ᠤᠨ ᠴᠢᠨᠠᠷᠲᠠᠢ ᠨᠠᠰᠤ ᠶᠢ ᠨᠡᠮᠡᠭᠳᠡᠭᠦᠯᠵᠦ᠂ ᠠᠮᠢᠳᠤ ᠪᠣᠳᠠᠰ ᠤᠨ ᠤᠬᠠᠭᠠᠨ ᠤ ᠦᠳᠡᠯᠦᠬᠡ ᠨᠠᠰᠤ ᠶᠢ ᠠᠬᠢᠭᠤᠯᠳᠠᠭ᠃ ᠬᠥᠮᠥᠨ ᠤᠨᠲᠠᠭᠰᠠᠨ ᠦᠶ᠎ᠡ ᠳᠤ ᠰᠠᠶ᠋ᠢ ᠠᠷᠠᠰᠤ ᠮᠢᠬ᠎ᠠ ᠪᠡᠶ᠎ᠡ ᠴᠣᠭᠴᠠᠰ ᠤᠨ ᠢᠶᠠᠨ ᠲᠠᠮᠢᠷ ᠢ ᠨᠥᠬᠦᠨ ᠰᠢᠨᠡᠳᠬᠡᠳᠡᠭ᠃ ᠤᠷᠲᠤ ᠬᠤᠭᠤᠴᠠᠭ᠎ᠠ ᠪᠠᠷ ᠤᠨᠲᠠᠵᠤ ᠲᠡᠶᠢᠯᠬᠦ ᠦᠭᠡᠢ ᠨᠣᠶᠢᠷ ᠠᠯᠳᠠᠬᠤ ᠳᠤ ᠬᠦᠷᠪᠡᠯ ᠠᠶᠠᠨᠳᠠᠭᠠᠨ ᠲᠦᠷᠭᠡᠨ ᠥᠲᠡᠯᠬᠦ ᠨᠢ ᠲᠦᠷᠭᠡᠳᠦᠨ᠎ᠡ ᠭᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号