ᠶᠣᠣ ᠬᠤᠩ ᠭᠠᠩ ᠵᠢᠷ ᠤᠨ ᠭᠤᠣᠯ ᠤᠨ ᠬᠤᠶᠠᠳᠤᠭᠠᠷ ᠠᠭᠤᠷᠬᠠᠢ ᠳᠤ ᠬᠦᠷᠴᠦ  ᠠᠶᠤᠯᠭᠦᠢ ᠦᠢᠯᠡᠳᠪᠦᠷᠢᠯᠡᠯ ᠎ ᠤᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/22
   8 ᠰᠠᠷ᠎ᠠ ᠶᠢᠨ 21᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤ ᠳᠠᠷᠤᠭ᠎ᠠ ᠶᠣᠣ ᠬᠤᠩ ᠭᠠᠩ ᠵᠢᠷ ᠤᠨ ᠭᠤᠣᠯ ᠤᠨ ᠬᠤᠶᠠᠳᠤᠭᠠᠷ ᠠᠭᠤᠷᠬᠠᠢ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ᠃
   ᠶᠣᠣ ᠬᠤᠩ ᠭᠠᠩ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠎ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠭᠤᠣᠯ ᠬᠤᠭᠤᠴᠠᠭᠠᠨ ᠳᠤ ᠪᠠᠶᠢᠨ᠎ᠠ᠂ ᠦᠶᠡᠷ ᠎ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠦᠨᠡᠨᠬᠦ ᠰᠠᠶᠢᠲᠤᠷ ᠬᠢᠵᠦ᠂ ᠠᠵᠢᠯ ᠤᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠰᠢᠷᠦᠭᠦᠨ ᠪᠣᠷᠣᠭᠠᠨ ᠵᠡᠷᠭᠡ ᠣᠨᠴᠠᠭᠠᠢ ᠴᠠᠭ ᠠᠭᠤᠷ ᠲᠣᠬᠢᠶᠠᠯᠳᠤᠪᠠᠯ ᠦᠢᠯᠡᠳᠪᠦᠷᠢᠯᠡᠯ ᠢᠶᠠᠨ ᠵᠣᠭᠰᠣᠭᠠᠨ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号