ᠪᠠᠷᠠᠭᠤᠨ ᠦᠵᠦᠮᠦᠴᠢᠨ ᠬᠤᠰᠢᠭᠤᠨ ᠤ ᠠᠯᠤᠰ ᠬᠡᠲᠦ ᠶᠢᠨ ᠠᠴᠢ ᠬᠤᠯᠪᠣᠭᠳᠠᠯ ᠲᠠᠢ ︽ᠨᠢᠭᠡ ᠬᠤᠨᠢᠨ ᠤ | ᠰᠤᠷᠤᠯᠭ᠎ᠠ ᠲᠡᠳᠬᠦᠬᠦ ᠢᠨᠵᠧᠨᠧᠷᠢᠩ︾ ᠨᠢ ᠶᠠᠳᠠᠭᠤ ᠬᠦᠴᠢᠷᠳᠡᠯᠲᠡᠢ ᠰᠤᠷᠤᠭᠴᠢᠳ ᠤᠨ ᠰᠤᠷᠤᠯᠴᠠᠬᠤ ᠵᠠᠮ ᠢ ᠨᠢ | ᠬᠡᠷᠡᠯᠳᠦᠬᠦᠯᠵᠦ ᠪᠠᠶᠢᠨ᠎ᠠ᠃ | 2014 ᠣᠨ ᠳᠤ᠂ ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭᠠᠨ ᠤ ᠨᠠᠮ ᠤᠨ ᠡᠭᠦᠷ ᠵᠢᠴᠢ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠨᠢ ᠬᠡᠰᠡᠭ ᠮᠠᠯᠴᠢᠨ ᠤ ᠬᠡᠦᠬᠡᠳ ᠠᠮᠢᠳᠤᠷᠠᠯ ᠤᠨ ᠬᠦᠴᠢᠷᠳᠡᠯ | ᠠᠴᠠ ᠪᠣᠯᠵᠤ ᠶᠡᠭᠡ ᠰᠤᠷᠭᠠᠭᠤᠯᠢ ᠳᠤ ᠰᠣᠷᠣᠯᠴᠠᠵᠦ ᠲᠠᠶᠢᠯᠬᠦ ᠦᠭᠡᠢ ᠪᠠᠶᠢᠬᠤ ᠶᠢ ᠣᠶᠢᠯᠠᠭᠠᠭᠰᠠᠨ ᠪᠠᠶᠢᠨ᠎ᠠ᠃ ᠡᠶᠢᠨᠬᠦ | ᠬᠡᠦᠬᠡᠳ ᠢ ᠠᠮᠢᠳᠤᠷᠠᠯ ᠤᠨ ᠬᠦᠴᠢᠷᠳᠡᠯ ᠠᠴᠠ ᠪᠣᠯᠵᠤ ᠰᠤᠷᠭᠠᠨ ᠬᠥᠮᠦᠵᠢᠯ ᠬᠦᠷᠲᠡᠬᠦ ᠵᠠᠪᠰᠢᠶᠠᠨ ᠢ ᠠᠯᠳᠠᠭᠤᠯᠬᠤ | ᠦᠭᠡᠢ ᠶᠢᠨ ᠲᠥᠯᠥᠭᠡ᠂ ︽ᠨᠢᠭᠡ ᠬᠤᠨᠢᠨ ᠤ ᠰᠤᠷᠤᠯᠭ᠎ᠠ ᠲᠡᠳᠬᠦᠬᠦ ᠢᠨᠵᠧᠨᠧᠷᠢᠩ︾ ᠢ ᠡᠭᠦᠰᠬᠡᠨ ᠪᠠᠶᠢᠭᠤᠯᠵᠤ᠂ | ᠨᠠᠮ ᠤᠨ ᠭᠡᠰᠢᠭᠦᠨ ᠪᠣᠯᠣᠨ ᠬᠡᠰᠡᠭ ᠮᠠᠯᠴᠢᠳ ᠰᠠᠶᠢᠨ ᠳᠤᠷ᠎ᠠ ᠠᠴᠠ ᠪᠠᠨ ᠨᠢᠭᠡ ᠬᠤᠨᠢ ᠬᠠᠨᠳᠢᠪᠯᠡᠨ ᠲᠣᠭᠲᠠᠮᠠᠯ | ᠬᠥᠷᠥᠩᠭᠡ ᠪᠤᠯᠭᠠᠵᠦ᠂ ᠬᠠᠨᠳᠢᠪᠯᠡᠭ᠌ᠰᠠᠨ ᠬᠥᠮᠥᠨ ᠳᠤ ᠥᠭᠴᠦ ᠡᠵᠡᠩᠨᠡᠭᠦᠯᠦᠨ᠂ ᠵᠢᠯ ᠤᠨ ᠡᠴᠦᠰ ᠲᠤ ᠨᠢᠭᠡ | ᠬᠤᠨᠢᠨ ᠠᠴᠠ ᠣᠯᠣᠭᠰᠠᠨ ᠤᠷᠤᠯᠭ᠎ᠠ ᠪᠠᠨ ᠰᠤᠷᠭᠠᠨ ᠬᠥᠮᠦᠵᠢᠯ ᠢ ᠬᠠᠶᠢᠷᠠᠯᠠᠨ ᠬᠠᠯᠠᠮᠵᠢᠯᠠᠬᠤ ᠰᠤᠷᠤᠯᠭ᠎ᠠ ᠲᠡᠳᠬᠦᠬᠦ | ᠰᠠᠭᠤᠷᠢ ᠮᠥᠩᠭᠦᠨ ᠤ ᠨᠡᠶᠢᠭᠡᠮᠯᠢᠭ ᠲᠤ ᠬᠠᠳᠠᠭᠠᠯᠠᠨ᠂ ᠠᠮᠢᠳᠤᠷᠠᠯ ᠬᠦᠴᠢᠷᠳᠡᠯᠲᠡᠢ ᠰᠣᠷᠣᠭᠴᠢᠳ ᠲᠤ ᠳᠡᠮᠵᠢᠯᠭᠡ | ᠦᠵᠡᠭᠦᠯᠵᠦ᠂ ᠲᠠᠳᠡᠨ ᠤ ᠰᠣᠶᠣᠯ ᠰᠤᠷᠭᠠᠨ ᠬᠥᠮᠦᠵᠢᠯ ᠬᠦᠷᠲᠡᠬᠦ ᠬᠦᠰᠡᠯ ᠪᠤᠳᠣᠯ ᠢ ᠨᠢ ᠲᠡᠷᠭᠡᠯᠰᠢᠭᠦᠯᠳᠡᠭ ᠪᠠᠶᠢᠨ᠎ᠠ | ᠃ | ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭᠠᠨ ᠤ ᠳᠠᠭᠠᠭᠤᠯᠭ᠎ᠠ ᠳᠣᠣᠷ᠎ᠠ᠂ ᠪᠠᠶᠠᠨᠴᠠᠭᠠᠨ ᠭᠠᠴᠠᠭ᠎ᠠ᠂ | ᠪᠤᠯᠠᠭᠠᠨ ᠭᠠᠴᠠᠭᠠᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠨᠢᠲᠤᠰ ᠪᠡᠶ᠎ᠡ ᠶᠢᠨ | ᠡᠭᠦᠷᠭᠡ ᠴᠢᠳᠠᠪᠤᠷᠢ ᠪᠣᠯᠣᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠢᠴᠢ ᠦᠶ᠎ᠠ ᠪᠠᠨ ᠬᠠᠯᠠᠮᠵᠢᠯᠠᠬᠤ | ᠲᠤᠰᠠᠯᠠᠮᠵᠢ ᠶᠢᠨ ᠪᠡᠯᠡ ᠮᠥᠩᠭᠦ ᠶᠢ ᠢᠳᠡᠪᠬᠢᠲᠡᠢ ᠪᠠᠷ ᠠᠰᠢᠭᠯᠠᠵᠤ᠂ ︽ᠨᠢᠭᠡ ᠬᠡᠦᠬᠡᠳ ᠢ ᠴᠦ ᠶᠠᠳᠠᠭᠤ | ᠬᠦᠴᠢᠷᠳᠡᠯ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ︾ ᠭᠡᠬᠦ ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ | ᠪᠣᠳᠠᠲᠤ ᠪᠠᠶᠢᠳᠠᠯ ᠳᠤ ᠨᠡᠶᠢᠴᠡᠭᠰᠡᠨ᠂ ᠭᠠᠵᠠᠷ ᠣᠷᠣᠨ ᠤ ᠠᠵᠤ ᠦᠢᠯᠡᠰ ᠤᠨ ᠣᠨᠴᠠᠯᠢᠭ ᠲᠤ ᠨᠡᠶᠢᠴᠡᠭᠰᠡᠨ ᠪᠥᠭᠡᠳ | ᠦᠷᠭᠦᠯᠵᠢᠯᠡᠬᠦᠶᠢᠴᠡ ᠬᠥᠭᠵᠢᠯᠲᠡ ᠲᠠᠢ ᠰᠤᠷᠤᠯᠭ᠎ᠠ ᠲᠡᠳᠬᠦᠬᠦ ᠰᠢᠨ᠎ᠡ ᠵᠠᠮ ︱︽ᠨᠢᠭᠡ ᠬᠤᠨᠢᠨ ᠤ ᠰᠤᠷᠤᠯᠭ᠎ᠠ | ᠲᠡᠳᠬᠦᠬᠦ ᠢᠨᠵᠧᠨᠧᠷᠢᠩ︾ ᠢ ᠪᠦᠲᠦᠭᠡᠯᠴᠢ ᠪᠠᠷ ᠬᠠᠶᠢᠨ ᠰᠦᠪᠡᠭᠴᠢᠯᠡᠵᠦ᠂ ᠴᠢᠳᠠᠪᠤᠷᠢᠲᠠᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠵᠡᠢ᠃ | ︽ᠨᠢᠭᠡ ᠬᠤᠨᠢᠨ ᠤ ᠰᠤᠷᠤᠯᠭ᠎ᠠ ᠲᠡᠳᠬᠦᠬᠦ ᠢᠨᠵᠧᠨᠧᠷᠢᠩ︾ ᠢ ᠡᠬᠢᠯᠡᠨ ᠬᠡᠷᠡᠭᠵᠢᠭᠦᠯᠦᠭᠰᠡᠨ ᠤ ᠳᠠᠷᠠᠭ᠎ᠠ᠂ | ᠭᠤᠷᠪᠠᠨ ᠭᠠᠴᠠᠭᠠᠨ ᠤ ᠨᠠᠮ ᠤᠨ ᠭᠡᠰᠢᠭᠦᠨ ᠪᠠ ᠮᠠᠯᠴᠢᠳ ᠢᠳᠡᠪᠬᠢᠲᠡᠢ ᠬᠥᠳᠡᠯᠦᠯᠴᠡᠵᠦ᠂ ᠰᠠᠶᠢᠨ ᠳᠤᠷ᠎ᠠ ᠠᠴᠠ ᠪᠠᠨ | ᠡᠮ᠎ᠡ ᠬᠤᠨᠢ ᠬᠠᠨᠳᠢᠪᠯᠡᠵᠤ᠂ ᠭᠠᠴᠠᠭᠠᠨ ᠤ ᠡᠭᠦᠷᠢᠳᠡ ᠶᠢᠨ ᠴᠢᠨᠠᠷᠲᠠᠢ ᠡᠳ᠋ ᠬᠥᠷᠥᠩᠭᠡ ᠪᠣᠯᠭᠠᠬᠤ ᠶᠢᠨ ᠬᠠᠮᠲᠤ | ᠬᠠᠨᠳᠢᠪᠯᠡᠭ᠌ᠴᠢ ᠠᠴᠠ ᠥᠪᠡᠷ ᠢᠶᠠᠨ ᠡᠵᠡᠩᠨᠡᠨ ᠬᠠᠮᠢᠶᠠᠷᠴᠤ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠦᠷᠢ | ᠡᠮ᠎ᠡ ᠬᠤᠨᠢᠨ ᠤ ᠡᠵᠡᠩᠨᠡᠯᠲᠡ ᠠᠴᠠ ᠣᠯᠣᠭᠰᠠᠨ 300 ︱ 500 ᠲᠥᠭᠦᠷᠢᠭ ᠤᠨ ᠠᠳᠠᠯᠢ ᠪᠤᠰᠤ | ᠣᠷᠣᠯᠭ᠎ᠠ ᠪᠠᠨ ︽ᠨᠢᠭᠡ ᠬᠤᠨᠢᠨ ᠤ ᠰᠤᠷᠤᠯᠭ᠎ᠠ ᠲᠡᠳᠬᠦᠬᠦ ᠢᠨᠵᠧᠨᠧᠷᠢᠩ︾ ᠤᠨ ᠪᠡᠯᠡ ᠮᠥᠩᠭᠦ ᠶᠢᠨ ᠲᠤᠰᠬᠠᠢ | ᠬᠠᠮᠢᠶᠠᠷᠤᠯᠲᠠ ᠶᠢᠨ ᠠᠵᠢᠯᠲᠠᠨ ᠳᠤ ᠲᠤᠰᠢᠶᠠᠵᠤ᠂ ︽ᠰᠤᠷᠭᠠᠨ ᠬᠥᠮᠦᠵᠢᠯ ᠢ ᠬᠠᠶᠢᠷᠠᠯᠠᠨ ᠬᠠᠯᠠᠮᠵᠢᠯᠠᠬᠤ ᠰᠤᠷᠤᠯᠭ᠎ᠠ | ᠲᠡᠳᠬᠦᠬᠦ ᠰᠠᠭᠤᠷᠢ ᠮᠥᠩᠭᠦᠨ ᠤ ᠨᠡᠶᠢᠭᠡᠮᠯᠢᠭ︾ ᠤᠨ ᠲᠠᠩᠰᠠᠨ ᠳᠤ ᠨᠢᠭᠡᠳᠦᠯᠲᠡᠢ ᠪᠥᠬᠦ ᠲᠤᠭ᠎ᠠ ᠪᠠᠷ ᠬᠤᠪᠢᠶᠠᠷᠢᠯᠠᠨ | ᠣᠷᠣᠭᠤᠯᠵᠤ᠂ ᠰᠤᠷᠤᠯᠭ᠎ᠠ ᠲᠡᠳᠬᠦᠬᠦ ᠪᠡᠯᠡ ᠮᠥᠩᠭᠦ ᠪᠠᠨ ᠬᠤᠷᠠᠮᠳᠤᠭᠤᠯᠳᠠᠭ ᠪᠠᠶᠢᠨ᠎ᠠ᠃ | ︽ᠰᠤᠷᠭᠠᠨ ᠬᠥᠮᠦᠵᠢᠯ ᠢ ᠬᠠᠶᠢᠷᠠᠯᠠᠨ ᠬᠠᠯᠠᠮᠵᠢᠯᠠᠬᠤ ᠰᠤᠷᠤᠯᠭ᠎ᠠ ᠲᠡᠳᠬᠦᠬᠦ ᠰᠠᠭᠤᠷᠢ ᠮᠥᠩᠭᠦᠨ ᠤ ᠨᠡᠶᠢᠭᠡᠮᠯᠢᠭ︾ | ᠨᠢ ᠲᠤᠰᠬᠠᠶᠢᠵᠢᠭᠰᠠᠨ ᠬᠠᠮᠢᠶᠠᠷᠤᠯᠲᠠ ᠶᠢᠨ ᠵᠠᠭᠪᠤᠷ ᠢᠶᠠᠷ ᠰᠤᠷᠤᠯᠭ᠎ᠠ ᠲᠡᠳᠬᠦᠬᠦ ᠪᠡᠯᠡ ᠮᠥᠩᠭᠦ ᠶᠢ ᠬᠠᠮᠢᠶᠠᠷᠴᠤ᠂ | ᠳᠦᠷᠢᠮᠵᠢᠭᠰᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠤᠯᠭ᠎ᠠ ᠲᠡᠳᠬᠦᠬᠦ ᠰᠠᠭᠤᠷᠢ ᠮᠥᠩᠭᠦ | ᠶᠢᠨ ᠬᠡᠷᠡᠭᠯᠡᠯᠲᠡ᠂ ᠲᠤᠰᠠᠯᠠᠬᠤ ᠡᠲᠡᠭᠡᠳ ᠢ ᠲᠣᠭᠲᠠᠭᠠᠬᠤ ᠵᠢᠴᠢ ᠲᠤᠰᠠᠯᠠᠬᠤ ᠲᠠᠰ ᠳᠠᠷᠠᠭᠠᠯᠠᠯ ᠵᠡᠷᠭᠡ ᠵᠠᠩᠭᠢᠯᠠᠭ᠎ᠠ | ᠶᠢᠨ ᠭᠤᠭᠴᠤᠭ᠎ᠠ ᠶᠢ ᠴᠥᠮ ᠲᠣᠳᠣᠷᠬᠠᠢ ᠵᠢᠷᠤᠮᠵᠢᠭᠤᠯᠵᠤ᠂ ᠣᠨᠴᠠ ᠬᠦᠴᠢᠷᠳᠡᠯᠲᠡᠢ ᠰᠤᠷᠤᠭᠴᠢᠳ ᠢ ᠲᠤᠰᠠᠯᠠᠬᠤ | ᠶᠠᠪᠤᠳᠠᠯ ᠤᠨ ᠦᠷᠭᠦᠯᠵᠢᠯᠡᠬᠦ ᠴᠢᠨᠠᠷ ᠢ ᠬᠦᠴᠦᠲᠡᠢ ᠪᠠᠲᠤᠯᠠᠵᠤ᠂ ᠶᠠᠳᠠᠭᠤ ᠬᠦᠴᠢᠷᠳᠡᠯᠲᠡᠢ ᠰᠤᠷᠤᠭᠴᠢᠳ ᠲᠤ | ᠰᠠᠷᠠᠭᠤᠯ ᠳᠠᠷᠳᠠᠩ ᠰᠤᠷᠤᠯᠴᠠᠬᠤ ᠵᠠᠮ ᠢ ᠨᠡᠭᠡᠭᠡᠨ ᠥᠭᠴᠡᠢ᠃ | ᠣᠲᠣ ᠪᠣᠯᠲᠠᠯ᠎ᠠ᠂ ᠲᠤᠰ ᠭᠤᠷᠪᠠᠨ ᠭᠠᠴᠠᠭ᠎ᠠ ᠨᠢᠨᠢᠭᠡᠨᠲᠡ 77 ᠣᠶᠤᠲᠠᠨ ᠢ 88000 ᠲᠥᠭᠦᠷᠢᠭ ᠢᠶᠠᠷ | ᠲᠡᠳᠬᠦᠵᠦ᠂ ︽ᠨᠢᠭᠡ ᠬᠤᠨᠢᠨ ᠤ ᠰᠤᠷᠤᠯᠭ᠎ᠠ ᠲᠡᠳᠬᠦᠬᠦ ᠢᠨᠵᠧᠨᠧᠷᠢᠩ︾ ᠤᠨ ᠰᠠᠭᠤᠷᠢ ᠡᠬᠡ ᠮᠠᠯ 75 ᠲᠤᠯᠤᠭᠠᠢ | ᠳᠤ ᠬᠦᠷᠴᠦ᠂ ᠮᠠᠯᠴᠢᠳ ᠤᠨ ᠬᠡᠦᠬᠡᠳ ᠤᠨ ᠰᠡᠳᠬᠢᠯ ᠠᠮᠤᠷ ᠰᠤᠷᠭᠠᠭᠤᠯᠢ ᠳᠤ ᠣᠷᠣᠬᠤ ᠳᠤ ᠨᠢ ᠬᠦᠴᠦᠲᠡᠢ | ᠳᠡᠮᠵᠢᠯᠭᠡ ᠬᠠᠩᠭᠠᠵᠤ ᠪᠠᠶᠢᠨ᠎ᠠ᠃ |