ᠪᠠᠷᠠᠭᠤᠨ ᠦᠵᠦᠮᠦᠴᠢᠨ ᠬᠤᠰᠢᠭᠤᠨ ᠤ ᠣᠶᠢᠷ᠎ᠠ ᠶᠢᠨ ᠬᠤᠭᠤᠴᠠᠭᠠᠨ ᠳᠤ ᠪᠣᠯᠪᠠᠰᠤᠷᠠᠯ ᠤᠨ ᠠᠩᠭᠢ ᠡᠷᠭᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/22
  ᠬᠤᠲᠠ ᠤᠷᠤᠭᠰᠠᠨ ᠮᠠᠯᠴᠢᠨ ᠲᠠᠷᠢᠶᠠᠴᠢᠨ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠲᠣᠭᠲᠠᠭᠤᠨ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠣᠶᠢᠷ᠎ᠠ ᠶᠢᠨ ᠬᠤᠭᠤᠴᠠᠭᠠᠨ ᠳᠤ ᠭᠠᠷ ᠤᠷᠠᠯᠠᠯ ᠤᠨ ᠵᠢᠭᠤᠯᠴᠢᠯᠠᠯ ᠤᠨ ᠰᠣᠶᠣᠯ ᠤᠨ ᠵᠣᠬᠢᠶᠠᠨ ᠪᠦᠲᠦᠭᠡᠬᠦ ᠪᠣᠯᠪᠠᠰᠤᠷᠠᠯ ᠤᠨ ᠠᠩᠭᠢ ᠡᠷᠬᠢᠯᠡᠬᠦ ᠪᠠᠷ ᠪᠠᠶᠢᠨ᠎ᠠ᠃   ᠨᠢᠭᠡ᠂ ᠰᠣᠷᠣᠭᠴᠢ ᠡᠯᠰᠡᠬᠦ ᠡᠲᠡᠭᠡᠳ   ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ᠂ ᠳᠡᠭᠡᠳᠦ ᠰᠤᠷᠭᠠᠭᠤᠯᠢ ᠲᠡᠭᠦᠰᠦᠭᠰᠡᠳ ︵ᠮᠡᠷᠭᠡᠵᠢᠯ ᠤᠨ ᠠᠵᠢᠯᠳᠠᠨ ᠤ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠳᠠᠨ ᠤ ᠠᠩᠭᠢ᠂ ᠪᠡᠯᠡᠳᠬᠡᠯ ᠮᠡᠷᠭᠡᠵᠢᠯ ᠤᠨ ᠠᠩᠭᠢ᠂ ᠮᠡᠷᠭᠡᠵᠢᠯ ᠤᠨ ᠠᠩᠭᠢ ᠪᠠ ᠤᠨᠴᠠᠭᠠᠢ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠠᠴᠠ ᠲᠡᠭᠦᠰᠦᠭᠰᠡᠳ ᠪᠠᠭᠲᠠᠨ᠎ᠠ︶᠂ ᠬᠤᠲᠠ ᠬᠥᠳᠡᠭᠡ ᠶᠢᠨ ᠰᠤᠷᠭᠠᠭᠤᠯᠢ ᠳᠡᠪᠰᠢᠭᠰᠡᠨ ᠦᠭᠡᠢ ᠲᠣᠰ ᠬᠤᠭᠤᠴᠠᠭᠠᠨ ᠤ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠬᠥᠳᠡᠭᠡ ᠠᠴᠠ ᠬᠤᠲᠠ ᠤᠷᠤᠵᠦ ᠠᠵᠢᠯ ᠣᠯᠣᠭᠰᠠᠨ ᠬᠥᠳᠡᠯᠮᠦᠷᠢᠴᠢᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠢᠴᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠤᠯᠤᠨ᠎ᠠ᠃    ᠬᠤᠶᠠᠷ᠂ ᠨᠡᠷ᠎ᠡ ᠮᠡᠳᠡᠭᠦᠯᠬᠦ ᠨᠥᠬᠦᠴᠡᠯ    ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 3 ᠬᠤᠪᠢ᠂ 15 ᠢᠮᠠᠬᠤ ᠶᠢᠨ ᠴᠠᠭᠠᠨ ᠳᠡᠪᠢᠰᠬᠡᠷ  ᠎ ᠲᠠᠢ ᠰᠡᠭᠦᠳᠡᠷ ᠵᠢᠷᠤᠭ 6 ᠬᠤᠪᠢ ᠬᠠᠩᠭᠠᠬᠤ ᠴᠢᠬᠤᠯᠠᠲᠠᠢ᠃    ᠭᠤᠷᠪᠠ᠂ ᠪᠣᠯᠪᠠᠰᠤᠷᠠᠭᠤᠯᠬᠤ ᠴᠠᠭ᠄ 7 ᠡᠳᠦᠷ    ᠳᠥᠷᠪᠡ᠂ ᠨᠡᠷ᠎ᠡ ᠮᠡᠳᠡᠭᠦᠯᠬᠦ ᠠᠰᠠᠭᠤᠨ ᠯᠠᠪᠯᠠᠬᠤ ᠤᠲᠠᠰᠤ 13134791111 ᠴᠢ ᠪᠠᠭᠰᠢ ︵ᠸᠢᠴᠠᠲ ᠤᠨ ᠳ᠋ᠤᠭᠠᠷ︶
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号