ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠨᠡᠶᠢᠭᠡᠮ ᠲᠣᠭᠤᠷᠢᠭ ᠨᠢ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ  ᠪᠠᠶᠠᠯᠢᠭᠵᠢᠭᠤᠯᠵᠦ
ᠨᠡᠶᠢᠲᠡᠯᠡᠭᠰᠡᠨ ᠴᠠᠭ᠄
2024/8/22
      ᠰᠤᠷᠭᠠᠭᠤᠯᠢ ᠴᠢᠯᠦᠭᠡ ᠲᠠᠯᠪᠢᠭᠰᠠᠨ ᠤ ᠲᠠᠷᠠᠭᠠᠬᠢ ᠠᠵᠢᠯᠲᠠᠨ ᠠᠵᠢᠯᠴᠢᠳ ᠤᠨ ᠦᠷ᠎ᠡ ᠬᠡᠤᠬᠡᠳ ᠢᠶᠠᠨ ᠠᠰᠠᠷᠠᠨ ᠬᠠᠷᠭᠠᠯᠵᠠᠬᠤ ᠳᠤ ᠬᠦᠴᠢᠷᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ  ᠪᠠᠯᠭᠠᠷᠭᠤᠤᠯ ᠪᠠᠯᠭᠠᠰᠤᠨ ᠤ ᠪᠠᠶᠠᠨᠬᠤᠰᠢᠭᠤ ᠵᠡᠭᠡᠯᠢ ᠶᠢᠨ ᠨᠠᠮ ᠤᠨ ᠡᠭᠦᠷ ︽ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠳᠤ ᠦᠢᠯᠡᠴᠢᠯᠡᠬᠦ ᠠᠳᠠᠯ ᠠᠬᠤᠶ ᠶᠢᠨ ᠥᠷᠲᠡᠭᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠵᠣᠨ ᠤ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠡᠷᠬᠢᠯᠡᠵᠦ᠂ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ  ᠪᠠᠶᠠᠯᠢᠭᠵᠢᠭᠤᠯᠵᠦ ᠪᠤᠢ᠃
     ᠠᠮᠠᠷᠠᠯᠲᠠ ᠶᠢᠨ ᠬᠤᠭᠤᠴᠠᠭ᠎ᠠ ᠡᠬᠢᠯᠡᠮᠡᠭᠴᠡ᠂ ᠪᠠᠶᠠᠨᠬᠤᠰᠢᠭᠤ ᠵᠡᠭᠡᠯᠢ ᠶᠢᠨ ᠨᠠᠮ ᠤᠨ ᠡᠭᠦᠷ ᠨᠢ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ᠂ ᠬᠤᠶᠢᠴᠢ ᠦᠶ᠎ᠡ ᠶᠢ ᠬᠠᠯᠠᠮᠵᠢᠯᠠᠬᠤ ᠵᠦᠪᠯᠡᠯ ᠲᠠᠢ ᠬᠠᠮᠲᠤᠷᠠᠨ᠂ ᠨᠠᠮ ᠤᠨ ᠡᠭᠦᠷ ᠤᠨ ᠱᠦᠵᠢ  ᠪᠠᠷ ᠬᠠᠷᠢᠭᠤᠴᠠᠯᠭᠠᠲᠠᠨ ᠪᠣᠯᠭᠠᠵᠤ᠂ ᠨᠠᠮ ᠤᠨ ᠭᠡᠰᠢᠭᠦᠨ ᠺᠠᠳ᠋ᠷ ᠵᠢᠴᠢ ᠨᠠᠮ ᠳᠤ ᠣᠷᠣᠬᠤ ᠢᠳᠡᠪᠬᠢᠲᠡᠨ ᠢᠶᠠᠷ ᠬᠠᠮᠢᠶᠠᠷᠤᠭᠴᠢ ᠪᠣᠯᠭᠠᠵᠤ᠂ ᠡᠭᠦᠨ ᠤ ᠬᠠᠮᠲᠤ ᠬᠠᠷᠢᠶᠠᠲᠤ ᠣᠷᠣᠨ ᠤ ᠰᠠᠶᠢᠨ ᠳᠤᠷ᠎ᠠ ᠶᠢᠨ ᠠᠵᠢᠯᠯᠠᠭᠴᠢ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠴᠢᠯᠥᠭᠡᠲᠡᠶ ᠠᠵᠢᠯᠯᠠᠭᠴᠢ᠂ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠥᠮᠦᠰ ᠢ ᠢᠳᠡᠪᠬᠢᠲᠡᠶ ᠳᠠᠶᠢᠴᠢᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠦ᠂ ᠬᠢᠴᠢᠶᠡᠯ ᠲᠦᠷᠦᠯ ᠤᠨ ᠬᠠᠪᠰᠤᠷᠤᠨ ᠵᠢᠯᠥᠭᠤᠳᠤᠯᠭ᠎ᠠ᠂ ᠭᠠᠷ ᠤᠷᠠᠯᠠᠯ ᠬᠢᠬᠦ᠂ ᠬᠤᠪᠢᠰᠬᠠᠯ ᠤᠨ ᠺᠢᠨᠣ᠋ ᠦᠵᠡᠬᠦ᠂ ᠠᠮᠤᠷᠪᠠᠶᠠᠰᠬᠤᠯᠠᠩ ᠲᠤᠭᠯᠠᠬᠤ᠂ ᠬᠦᠳᠡᠯᠮᠦᠷᠢ ᠳᠤ ᠤᠷᠤᠯᠴᠠᠬᠤ᠂ ᠰᠣᠨᠢᠷᠬᠠᠯᠲᠤ ᠲᠣᠭᠯᠠᠭᠠᠮ ᠵᠡᠷᠭᠡ ᠤᠨᠴᠠᠯᠢᠬᠳᠤ ᠬᠢᠴᠢᠶᠡᠯ ᠢ ᠢᠳᠡᠪᠬᠢᠲᠡᠢ ᠥᠷᠨᠢᠭᠦᠯᠵᠦ᠂ ᠠᠷᠪᠠ ᠭᠠᠷᠤᠢ ᠬᠡᠤᠬᠡᠳ ᠠᠴᠠ ᠰᠦᠢᠳᠭᠡᠯ ᠬᠤᠷᠢᠶᠠᠬᠤ ᠦᠭᠡᠢ ᠪᠠᠷ ᠰᠤᠷᠭᠠᠨ ᠬᠦᠮᠦᠵᠢᠯ ᠪᠠ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠨᠭ᠍ᠭᠠᠵᠦ᠂ ᠰᠤᠷᠤᠭᠴᠢᠳ ᠤᠨ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠥᠯᠲᠠ ᠪᠠ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠤᠨ ᠰᠤᠷᠭᠠᠨ ᠬᠦᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号