ᠶᠣᠣ ᠬᠤᠩ ᠭᠠᠩ ᠥᠰᠢ ᠶᠢᠨ ᠳ᠋ᠠᠢ ᠺᠠ ᠺᠣᠮᠫᠠᠨᠢ ᠲᠠᠢ ᠬᠥᠩᠭᠡᠨᠴᠠᠭᠠᠨ ᠤ ᠰᠠᠭᠤᠷᠢ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠤᠨ ᠲᠤᠬᠠᠢ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2024/8/22
      8 ᠰᠠᠷ᠎ᠠ ᠶᠢᠨ 15 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠠᠷᠠᠭᠤᠨ ᠣᠷᠣᠨ ᠢᠶᠠᠷ ᠰᠢᠨᠵᠢᠯᠡᠨ ᠪᠠᠶᠢᠴᠠᠭᠠᠵᠤ ᠶᠠᠪᠤᠭ᠎ᠠ ᠥᠰᠢ ᠶᠢᠨ ᠳ᠋ᠠᠢ ᠺᠠ ᠬᠦᠷᠳᠦ ᠦᠢᠯᠡᠳᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠦᠩ ᠱᠧᠩ᠂ ᠪᠡᠭᠡᠵᠢᠩ ᠤᠨ ᠾᠧ ᠫᠢᠩ ᠬᠥᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠲᠤᠸ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠩᠭᠡᠨᠴᠠᠭᠠᠨ ᠤ ᠰᠠᠭᠤᠷᠢ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ᠂ ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
     ᠶᠣᠣ ᠬᠤᠩ ᠭᠠᠩ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ  ᠠᠵᠤ ᠠᠬᠤᠶᠢᠯᠠᠯ  ᠤᠨ ᠲᠥᠯᠥᠭᠡᠯᠡᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤ ᠨᠢ ᠥᠪᠡᠷᠮᠢᠴᠡ ᠣᠨᠴᠠᠯᠢᠭ ᠪᠣᠯᠣᠨ ᠬᠥᠭᠵᠢᠯᠲᠡ ᠶᠢᠨ ᠪᠠᠶᠢᠳᠠᠯ ᠳᠠᠭᠠᠨ ᠰᠠᠭᠤᠷᠢᠯᠠᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠥᠩᠭᠡᠨᠴᠠᠭᠠᠨ ᠤ ᠮᠠᠲ᠋ᠧᠷᠢᠶᠠᠯ   ᠢ ᠨᠠᠷᠢᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ ᠪᠣᠢ᠃ ᠡᠳᠦᠭᠡ ᠥᠰᠢ ᠶᠢᠨ ᠳ᠋ᠠᠢ ᠺᠠ ᠺᠣᠮᠫᠠᠨᠢ  ᠲᠠᠢ ᠥᠷᠭᠡᠨ ᠳᠡᠯᠭᠡᠷ ᠬᠠᠮᠲᠤᠷᠠᠯᠴᠠᠭᠠᠨ ᠤ ᠠᠵᠠ ᠲᠣᠬᠢᠶᠠᠯ ᠲᠠᠢ ᠪᠣᠯᠣᠭᠠᠳ ᠪᠠᠶᠢᠨ᠎ᠠ᠂ ᠪᠢᠳᠡ ᠡᠯ᠎ᠡ ᠠᠵᠤ ᠠᠬᠤᠶᠢᠯᠠᠯ ᠤᠨ ᠪᠠᠷᠠᠭᠤᠨ ᠦᠵᠦᠮᠦᠴᠢᠨ  ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠡᠷᠢᠯᠬᠢᠯᠡᠬᠦ ᠶᠢ ᠴᠢᠩ ᠰᠡᠳᠬᠢᠯ ᠠᠴᠠ ᠪᠠᠨ ᠤᠭᠲᠤᠵᠤ ᠪᠠᠶᠢᠨ᠎ᠠ᠃ ᠪᠢᠳᠠ ᠠᠵᠤ ᠠᠬᠤᠶᠢᠯᠠᠯ ᠤᠨ  ᠪᠠᠷᠠᠭᠤᠨ ᠣᠷᠣᠨ ᠳᠤ ᠪᠡᠯᠡ ᠣᠷᠤᠭᠤᠯᠤᠨ ᠬᠥᠭᠵᠢᠬᠦ ᠳᠤ ᠦᠢᠯᠡᠴᠢᠯᠡᠭᠡ ᠪᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ ᠭᠡᠵᠡᠢ᠃ ᠸᠠᠩ ᠶᠦᠩ ᠱᠧᠩ ᠬᠡᠷᠡᠭ ᠮᠡᠳᠡᠭᠴᠢᠳ ᠤᠨ ᠳᠠᠷᠤᠭ᠎ᠠ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤ  ᠨᠢ ᠣᠷᠣᠨ ᠪᠠᠶᠢᠷᠢ ᠶᠢᠨ ᠳᠠᠪᠠᠭᠤᠯᠢᠭ ᠲᠠᠢ᠂ ᠬᠥᠩᠭᠡᠨᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠰᠠᠷᠠᠭᠤᠯ᠂ ᠰᠢᠨ᠎ᠡ ᠶᠢ ᠡᠭᠦᠳᠬᠦ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠥᠰᠢ ᠶᠢᠨ ᠳ᠋ᠠᠢ ᠺᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠪᠢᠳᠡ ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠲᠠᠯ᠎ᠠ ᠪᠠᠷ ᠬᠢ ᠭᠦᠨᠵᠡᠭᠡᠢ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃     ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠵᠢᠶᠠ ᠶᠦᠩ ᠰᠢᠶᠠ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号