ᠪᠠᠷᠠᠭᠤᠨ ᠦᠵᠦᠮᠦᠴᠢᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠴᠢᠷᠮᠠᠶᠢᠨ ᠰᠤᠷᠤᠯᠴᠠᠵᠤ ᠰᠠᠶᠢᠲᠤᠷ ᠲᠤᠤᠱᠯᠠᠭᠤᠯᠵᠤ ᠪᠣᠢ
ᠨᠡᠶᠢᠲᠡᠯᠡᠭᠰᠡᠨ ᠴᠠᠭ᠄
2024/8/22
     ᠪᠠᠷᠠᠭᠤᠨ ᠦᠵᠦᠮᠦᠴᠢᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠶᠢ ᠣᠳᠣᠬᠠᠨ  ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ ᠪᠠᠶᠢᠨ᠎ᠠ᠃     ᠭᠤᠣᠯ ᠰᠡᠳᠦᠪ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠪᠣᠯᠪᠠᠰᠤᠷᠠᠯ ᠤᠨ ᠰᠢᠰᠲ᠋ᠧᠮ ᠤᠨ ᠲᠣᠬᠢᠷᠠᠭᠤᠯᠤᠯᠲᠠ ᠶᠢ ᠰᠠᠶᠢᠲᠤᠷ ᠬᠢᠨ᠎ᠡ᠃ ᠪᠦᠬᠦ ᠬᠤᠰᠢᠭᠤᠨ ᠤ ᠺᠠᠳ᠋ᠷ ᠤᠨ ᠣᠨ ᠤ ᠬᠥᠮᠦᠵᠢᠯ ᠪᠣᠯᠪᠠᠰᠤᠷᠠᠯ ᠤᠨ ᠶᠡᠷᠦᠩᠬᠡᠢ ᠲᠣᠬᠢᠷᠠᠭᠤᠯᠤᠯᠲᠠ ᠲᠠᠢ ᠤᠶᠠᠯᠳᠤᠭᠤᠯᠤᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ  ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠬᠥᠮᠦᠵᠢᠯ ᠪᠣᠯᠪᠠᠰᠤᠷᠠᠯ ᠢ ᠭᠦᠨᠵᠡᠭᠡᠢ ᠥᠷᠨᠢᠭᠦᠯᠬᠦ ᠲᠤᠬᠠᠢ ᠲᠥᠯᠥᠪᠯᠡᠭᠡ︾ ᠶᠢ ᠲᠣᠭᠲᠠᠭᠠᠵᠤ᠂ ᠪᠦᠬᠦ ᠬᠤᠰᠢᠭᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠤᠰᠬᠠᠢ ᠰᠡᠳᠦᠪ ᠤᠨ ᠪᠠᠶᠢᠷᠢᠯᠠᠭᠤᠯᠤᠯᠲᠠ᠂ ᠬᠢᠴᠢᠶᠡᠯ ᠤᠨ ᠠᠭᠤᠯᠭ᠎ᠠ᠂ ᠰᠦᠯᠵᠢᠶᠡᠨ ᠳᠡᠭᠡᠷᠡᠬᠢ ᠡᠬᠢ ᠪᠠᠶᠠᠯᠢᠭ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠲᠣᠬᠢᠷᠠᠭᠤᠯᠤᠯᠲᠠ ᠬᠢᠵᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠬᠠᠪᠰᠤᠷᠤᠨ ᠵᠢᠯᠣᠭᠤᠳᠴᠤ ᠲᠠᠶᠢᠯᠤᠮᠵᠢ ᠬᠢᠬᠦ᠂ ᠰᠦᠯᠵᠢᠶᠡᠨ ᠳᠡᠭᠡᠷ᠎ᠡ ᠰᠤᠷᠤᠯᠴᠠᠬᠤ ᠵᠡᠷᠭᠡ ᠣᠯᠠᠨ ᠬᠡᠯᠪᠡᠷᠢ ᠪᠠᠷ ᠳᠠᠪᠲᠠᠨ ᠪᠣᠯᠪᠠᠰᠤᠷᠠᠭᠤᠯᠬᠤ᠂ ᠡᠨᠡ ᠵᠢᠯ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯᠪᠠᠰᠤᠷᠠᠯ ᠤᠨ ᠠᠩᠭᠢ ᠵᠢᠴᠢ ᠪᠦᠬᠦ ᠬᠤᠰᠢᠭᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ᠂ ᠨᠠᠮ  ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯᠪᠠᠰᠤᠷᠠᠯ ᠤᠨ ᠠᠩᠭᠢ ᠵᠢᠴᠢ ᠪᠦᠬᠦ ᠬᠤᠰᠢᠭᠤᠨ ᠤ ᠠᠯᠪᠠᠲᠠᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠡᠭᠡᠯᠵᠢᠲᠦ ᠪᠣᠯᠪᠠᠰᠤᠷᠠᠯ ᠤᠨ ᠠᠩᠭᠢ ᠵᠡᠷᠭᠡ ᠡᠯ᠎ᠡ ᠲᠦᠷᠦᠯ ᠤᠨ ᠪᠣᠯᠪᠠᠰᠤᠷᠠᠯ ᠢ 31 ᠬᠤᠭᠤᠴᠠᠭ᠎ᠠ ᠡᠷᠬᠢᠯᠡᠬᠦ ᠪᠠᠷ ᠲᠥᠯᠥᠪᠯᠡᠵᠦ ᠪᠠᠶᠢᠨ᠎ᠠ᠃ ᠰᠠᠯᠠᠭᠠᠨ ᠲᠡᠰ ᠤᠨ ᠤᠳᠤᠷᠢᠳᠬᠤ ᠺᠠᠳ᠋ᠷ᠂ ᠦᠨᠳᠦᠰᠦᠨ ᠱᠠᠲᠤᠨ ᠤ ᠨᠠᠮ ᠤᠨ ᠠᠵᠢᠯ ᠤᠨ ᠪᠦᠬᠦ ᠠᠵᠢᠯᠲᠠᠳ ᠢ ᠡᠭᠡᠯᠵᠢᠯᠡᠨ ᠪᠣᠯᠪᠠᠰᠤᠷᠠᠭᠤᠯᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠨ᠎ᠠ᠃     ᠰᠤᠷᠤᠯᠴᠠᠬᠤ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠺᠠᠳ᠋ᠷ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠰᠢᠭᠤᠳ ᠨᠡᠪᠲᠡᠷᠡᠭᠦᠯᠬᠦ ᠪᠠ ᠰᠢᠩᠭᠡᠬᠡᠨ ᠨᠡᠪᠲᠡᠷᠡᠭᠦᠯᠬᠦ᠂ ︽ᠭᠤᠣᠯ ᠬᠢᠴᠢᠶᠡᠯ ᠤᠨ ᠲᠠᠩᠬᠢᠮ + ᠬᠤᠪᠢᠶᠠᠷᠢ ᠬᠢᠴᠢᠶᠡᠯ ᠤᠨ ᠲᠠᠩᠬᠢᠮ︾ ᠢ ᠬᠠᠷᠢᠯᠴᠠᠨ ᠤᠶᠠᠯᠳᠤᠭᠤᠯᠬᠤ ᠵᠡᠷᠭᠡ ᠣᠯᠠᠨ ᠬᠡᠯᠪᠡᠷᠢ ᠪᠠᠷ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢ ᠥᠷᠨᠢᠭᠦᠯᠵᠦ᠂ ᠰᠤᠷᠤᠯᠴᠠᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ ᠪᠠᠶᠢᠨ᠎ᠠ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ  ᠶᠢ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ ᠤᠨ︶ ᠬᠠᠷᠢᠭᠤᠴᠠᠯᠭᠠᠲᠠᠨ ︽ᠳᠠᠭᠠᠭᠤᠯᠤᠭᠴᠢ  ᠶᠢᠨ ᠦᠢᠯᠡᠳᠦᠯ︾ ᠢᠶᠠᠨ ᠪᠠᠳᠠᠷᠠᠭᠤᠯᠵᠤ᠂ ᠲᠦᠷᠦᠭᠦᠯᠡᠨ ᠰᠤᠳᠤᠯᠤᠨ ᠪᠠᠶᠢᠷᠢᠯᠠᠭᠤᠯᠵᠤ᠂ ᠤᠬᠠᠭᠤᠯᠤᠨ ᠲᠠᠶᠢᠯᠪᠤᠷᠢᠯᠠᠵᠤ ᠬᠠᠪᠰᠤᠷᠤᠨ ᠵᠢᠯᠤᠭᠤᠳᠴᠤ᠂ ᠰᠤᠷᠤᠯᠴᠠᠵᠤ ᠰᠤᠳᠤᠯᠤᠨ ᠶᠠᠷᠢᠯᠴᠠᠵᠤ᠂ ᠥᠷᠭᠡᠨ ᠤᠯᠠᠨ ᠺᠠᠳ᠋ᠷᠴᠤᠳ  ᠢ ᠳᠠᠶᠢᠴᠢᠯᠠᠨ᠂ ᠥᠭᠡᠷᠡᠴᠢᠯᠡᠯᠲᠡ ᠶᠢᠨ ᠲᠤᠬᠠᠢ ᠬᠠᠮᠲᠤ ᠶᠢᠨ ᠲᠠᠨᠢᠯᠲᠠ ᠶᠢ ᠨᠢ ᠨᠢᠭᠲᠠᠷᠠᠭᠤᠯᠵᠤ᠂ ᠤᠬᠠᠮᠰᠠᠷ ᠢ ᠨᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠲᠠᠯ᠎ᠠ ᠪᠠᠷ ᠬᠢ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠪᠠᠶᠢᠩᠭᠤ ᠶᠢᠨ ᠴᠢᠨᠠᠷᠲᠠᠢ ᠰᠤᠷᠤᠯᠴᠠᠵᠤ᠂ ᠨᠡᠭᠦᠳᠡᠯ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠪᠠ ᠠᠵᠢᠯ  ᠠᠴᠠ ᠪᠠᠨ ᠪᠠᠭᠤᠭᠰᠠᠨ ᠨᠠᠮ ᠤᠨ ᠭᠡᠰᠢᠭᠦᠨ᠂ ᠮᠠᠯᠵᠢᠬᠤ ᠣᠷᠣᠨ ᠤ ᠨᠠᠮ ᠤᠨ ᠭᠡᠰᠢᠭᠦᠨ ᠪᠠ ᠰᠢᠨ᠎ᠡ ᠠᠵᠤ ᠠᠬᠤᠢ  ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠣᠭᠰᠠᠳ ᠤᠨ ᠳᠣᠲᠣᠷᠠᠬᠢ ᠨᠠᠮ ᠤᠨ ᠭᠡᠰᠢᠭᠦᠨ ᠳᠤ ᠰᠤᠷᠭᠠᠭᠤᠯᠢ ᠳᠤ ᠬᠦᠷᠭᠡᠬᠦ᠂ ᠬᠠᠪᠰᠤᠷᠤᠨ ᠰᠤᠷᠤᠯᠴᠠᠭᠤᠯᠬᠤ᠂ ᠨᠠᠶᠢᠳᠠᠨ ᠰᠤᠷᠤᠯᠴᠠᠭᠤᠯᠬᠤ ᠵᠡᠷᠭᠡ ᠠᠷᠭ᠎ᠠ ᠮᠠᠶ᠋ᠢᠭ ᠢ ᠰᠠᠶᠢᠲᠤᠷ ᠬᠡᠷᠡᠭᠯᠡᠨ᠂ ᠠᠮᠢᠳᠤᠯᠢᠭ ᠢᠶᠠᠷ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠤᠯᠠᠮᠵᠢᠯᠠᠬᠤ ᠶᠢ ᠪᠠᠲᠤᠯᠠᠵᠤ ᠪᠣᠢ᠃     ᠪᠣᠳᠠᠲᠠᠢ ᠲᠠᠢ ᠨᠢᠭᠲᠠ ᠤᠶᠠᠯᠳᠤᠭᠤᠯᠤᠨ᠂ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠨ᠂ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠪᠠ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠤ᠂ ᠢᠯᠠᠩᠭᠤᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ  ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠠᠴᠠ ᠨᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠰᠣᠷᠣᠭᠰᠠᠨ ᠢᠶᠠᠨ ᠬᠡᠷᠡᠭᠯᠡᠬᠦ᠂ ᠬᠡᠷᠡᠭᠯᠡᠬᠦ  ᠪᠠᠷ ᠳᠠᠮᠵᠢᠭᠤᠯᠤᠨ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠣᠶᠣᠨ ᠢᠶᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠤᠨ᠎ᠠ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠪᠠᠶᠢᠭᠤᠯᠭ᠎ᠠ ᠨᠢᠭᠡᠴᠡ ᠶᠢᠨ ᠢᠶᠠᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠪᠥᠬᠦᠳᠡ ᠬᠤᠷᠠᠯ  ᠠᠴᠠ ᠳᠤᠷᠠᠳᠤᠭᠰᠠᠨ ︽ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ  ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠦᠨᠳᠦᠰᠦᠨ ᠪᠠᠲᠤᠯᠠᠭ᠎ᠠ ᠮᠥᠨ︾ ᠭᠡᠬᠦ ᠡᠭᠦᠷᠭᠡ ᠱᠠᠭᠠᠷᠳᠠᠯᠭ᠎ᠠ ᠶᠢᠨ ᠲᠣᠭᠤᠷᠢᠨ ᠳᠤ᠂ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ ᠲᠥᠯᠥᠪᠯᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠥᠳᠡᠯᠭᠡᠬᠦ ᠬᠦᠴᠦᠨ ᠤ ᠲᠤᠯᠭᠠᠭᠤᠷᠢᠯᠠᠯ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号