ᠬᠤᠲᠠ ᠤᠷᠤᠭᠰᠠᠨ ᠮᠠᠯᠴᠢᠨ ᠲᠠᠷᠢᠶᠠᠴᠢᠨ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠲᠣᠭᠲᠠᠭᠤᠨ ᠴᠢᠨᠠᠷ ᠢ | ᠨᠡᠮᠡᠭᠳᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠨᠢ ᠣᠶᠢᠷ᠎ᠠ ᠶᠢᠨ ᠬᠤᠭᠤᠴᠠᠭᠠᠨ ᠳᠤ ᠭᠠᠷ ᠤᠷᠠᠯᠠᠯ ᠤᠨ ᠵᠢᠭᠤᠯᠴᠢᠯᠠᠯ ᠤᠨ ᠰᠣᠶᠣᠯ ᠤᠨ ᠵᠣᠬᠢᠶᠠᠨ ᠪᠦᠲᠦᠭᠡᠬᠦ | ᠪᠣᠯᠪᠠᠰᠤᠷᠠᠯ ᠤᠨ ᠠᠩᠭᠢ ᠡᠷᠬᠢᠯᠡᠬᠦ ᠪᠠᠷ ᠪᠠᠶᠢᠨ᠎ᠠ᠃ | ᠨᠢᠭᠡ᠂ ᠰᠣᠷᠣᠭᠴᠢ ᠡᠯᠰᠡᠬᠦ ᠡᠲᠡᠭᠡᠳ | ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ᠂ ᠳᠡᠭᠡᠳᠦ ᠰᠤᠷᠭᠠᠭᠤᠯᠢ ᠲᠡᠭᠦᠰᠦᠭᠰᠡᠳ ︵ | ᠮᠡᠷᠭᠡᠵᠢᠯ ᠤᠨ ᠠᠵᠢᠯᠳᠠᠨ ᠤ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠳᠠᠨ ᠤ ᠠᠩᠭᠢ᠂ ᠪᠡᠯᠡᠳᠬᠡᠯ | ᠮᠡᠷᠭᠡᠵᠢᠯ ᠤᠨ ᠠᠩᠭᠢ᠂ ᠮᠡᠷᠭᠡᠵᠢᠯ ᠤᠨ ᠠᠩᠭᠢ ᠪᠠ ᠤᠨᠴᠠᠭᠠᠢ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠠᠴᠠ ᠲᠡᠭᠦᠰᠦᠭᠰᠡᠳ ᠪᠠᠭᠲᠠᠨ᠎ᠠ︶᠂ ᠬᠤᠲᠠ ᠬᠥᠳᠡᠭᠡ ᠶᠢᠨ | ᠰᠤᠷᠭᠠᠭᠤᠯᠢ ᠳᠡᠪᠰᠢᠭᠰᠡᠨ ᠦᠭᠡᠢ ᠲᠣᠰ ᠬᠤᠭᠤᠴᠠᠭᠠᠨ ᠤ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠲᠡᠭᠦᠰᠦᠭᠰᠡᠳ᠂ ᠬᠥᠳᠡᠭᠡ ᠠᠴᠠ ᠬᠤᠲᠠ ᠤᠷᠤᠵᠦ ᠠᠵᠢᠯ ᠣᠯᠣᠭᠰᠠᠨ ᠬᠥᠳᠡᠯᠮᠦᠷᠢᠴᠢᠨ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠢᠴᠢ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠤᠯᠤᠨ᠎ᠠ᠃ | ᠬᠤᠶᠠᠷ᠂ ᠨᠡᠷ᠎ᠡ ᠮᠡᠳᠡᠭᠦᠯᠬᠦ ᠨᠥᠬᠦᠴᠡᠯ | ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 3 ᠬᠤᠪᠢ᠂ 15 ᠢᠮᠠᠬᠤ ᠶᠢᠨ ᠴᠠᠭᠠᠨ ᠳᠡᠪᠢᠰᠬᠡᠷ | ᠲᠠᠢ ᠰᠡᠭᠦᠳᠡᠷ ᠵᠢᠷᠤᠭ 6 ᠬᠤᠪᠢ ᠬᠠᠩᠭᠠᠬᠤ ᠴᠢᠬᠤᠯᠠᠲᠠᠢ᠃ | ᠭᠤᠷᠪᠠ᠂ ᠪᠣᠯᠪᠠᠰᠤᠷᠠᠭᠤᠯᠬᠤ ᠴᠠᠭ᠄ 7 ᠡᠳᠦᠷ | ᠳᠥᠷᠪᠡ᠂ ᠨᠡᠷ᠎ᠡ ᠮᠡᠳᠡᠭᠦᠯᠬᠦ ᠠᠰᠠᠭᠤᠨ ᠯᠠᠪᠯᠠᠬᠤ ᠤᠲᠠᠰᠤ | 13134791111 ᠴᠢ ᠪᠠᠭᠰᠢ ︵ᠸᠢᠴᠠᠲ ᠤᠨ ᠳ᠋ᠤᠭᠠᠷ︶ | | |