ᠤᠮᠠᠷᠠᠲᠤ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠪᠠᠶᠠᠨᠬᠤᠸᠠ ᠮᠧᠩ ᠳ᠋ᠦᠩ ᠨᠡᠭᠦᠷᠡᠰᠦᠨ ᠦᠢᠯᠡᠰ ᠤᠨ ᠺᠣᠮᠫᠠᠨᠢ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/22
    ᠣᠶᠢᠷ᠎ᠠ ᠶᠢᠨ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠤᠨ ᠰᠢᠰᠲ᠋ᠧᠮ ᠪᠠ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢᠨ ᠠᠵᠢᠯ ᠲᠣᠰ ᠲᠣᠰ ᠬᠥᠬᠡᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠪᠠ ᠬᠢᠩᠭᠠᠨ ᠠᠶᠢᠮᠠᠭ ᠲᠤ ᠶᠠᠪᠤᠭᠳᠠᠪᠠ᠃    8 ᠰᠠᠷ᠎ᠠ ᠶᠢᠨ 18 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠰᠦᠨ ᠯᠢ ᠴᠢᠶᠠᠩ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠪᠠᠶᠠᠨᠬᠤᠸᠠ ᠮᠧᠩ ᠳ᠋ᠦᠩ ᠵᠠᠳᠠᠭᠠᠢ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠢᠷᠡᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ  ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠲᠠᠯ᠎ᠠ ᠪᠠᠷ ᠲᠠᠶᠢᠯᠤᠮᠵᠢ ᠬᠢᠪᠡ᠃    ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ ᠥᠪᠥᠷ ᠮᠣᠩᠭᠤᠯ ᠤᠨ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠴᠢᠨᠠᠷ ᠴᠢᠨᠰᠠᠭ᠎ᠠ ᠶᠢᠨ ᠬᠢᠨᠠᠨ ᠰᠢᠯᠭᠠᠬᠤ ᠬᠡᠯᠲᠡᠰ ᠤᠨ ᠡᠷᠬᠢᠯᠡᠭᠴᠢ    ᠰᠢᠶᠠ ᠴᠦᠨ ᠶᠠᠩ᠄ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠨᠢ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠪᠢᠳᠡᠨ ᠳᠤ ᠲᠣᠳᠣᠷᠬᠠᠢ ᠲᠡᠮᠡᠴᠡᠯ ᠤᠨ ᠴᠢᠭᠯᠡᠯ ᠢ ᠵᠢᠭᠠᠵᠤ ᠥᠭᠴᠡᠢ᠃ ᠦᠨᠳᠦᠰᠦᠨ ᠱᠠᠲᠤᠨ ᠤ ᠨᠡᠭᠦᠷᠡᠰᠦᠨ ᠤ ᠴᠢᠨᠠᠷ ᠴᠢᠨᠰᠠᠭ᠎ᠠ ᠶᠢ  ᠬᠢᠨᠠᠨ ᠰᠢᠯᠭᠠᠬᠤ ᠠᠵᠢᠯᠲᠠᠨ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠠᠬᠢ ᠲᠠᠨᠢᠵᠤ᠂ ᠢᠲᠡᠭᠡᠯ ᠪᠢᠰᠢᠷᠡᠯ ᠢᠶᠠᠨ ᠪᠠᠲᠤᠳᠬᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠷ᠎ᠠ ᠮᠡᠷᠭᠡᠵᠢᠯ ᠳᠡᠭᠡᠨ ᠴᠠᠭᠠᠷᠠᠨ᠂ ᠨᠡᠭᠦᠷᠡᠰᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠮᠡᠷᠭᠡᠵᠢᠯ ᠤᠨ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠨ ᠰᠢᠯᠭᠠᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠨ᠎ᠠ  ︾ ᠭᠡᠯ᠎ᠡ᠃     ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ ᠥᠪᠥᠷ ᠮᠣᠩᠭᠤᠯ ᠤᠨ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠥᠷᠥᠮᠳᠡᠬᠦ ᠮᠠᠰᠢᠨ ᠤ ᠵᠢᠯᠣᠭᠤᠴᠢ   ᠵᠠᠩ ᠶᠠᠨ ᠪᠢᠨ᠄ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠢᠳᠡᠨ ᠳᠤ ᠲᠣᠳᠣᠷᠬᠠᠢ ᠴᠢᠭᠯᠡᠯ ᠢ ᠵᠢᠭᠠᠵᠤ ᠥᠭᠴᠡᠢ᠃ ᠴᠢᠨᠠᠷ ᠰᠠᠶᠢᠲᠠᠢ ᠬᠥᠭᠵᠢᠯᠲᠡ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ᠂ ᠪᠣᠬᠢᠷᠲᠤᠯ ᠦᠭᠡᠢ ᠬᠥᠭᠵᠢᠯᠲᠡ ᠵᠡᠷᠭᠡ ᠴᠢᠬᠤᠯᠠ ᠣᠶᠢᠯᠠᠭᠠᠭᠳᠠᠬᠤᠨ ᠢ ᠴᠢᠬᠤᠯᠠᠴᠢᠯᠠᠭᠰᠠᠨ ᠪᠠᠶᠢᠨ᠎ᠠ᠃ ᠦᠨᠳᠦᠰᠦᠨ ᠱᠠᠲᠤᠨ ᠤ ᠥᠷᠥᠮᠳᠡᠬᠦ ᠮᠠᠰᠢᠨ ᠤ ᠵᠢᠯᠣᠭᠤᠴᠢ ᠪᠣᠯᠤᠭᠰᠠᠨ ᠤ ᠬᠤᠪᠢ ᠳᠤ᠂ ᠪᠢ ᠰᠢᠨ᠎ᠡ ᠶᠢ ᠡᠭᠦᠳᠬᠦ ᠬᠤᠷᠴᠠ ᠰᠡᠷᠭᠡᠭ ᠤᠬᠠᠮᠰᠠᠷ ᠲᠠᠢ ᠪᠠᠶᠢᠵᠤ᠂ ᠮᠡᠷᠭᠡᠵᠢᠯ ᠤᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠨ᠂ ᠤᠷ᠎ᠠ ᠮᠡᠷᠭᠡᠵᠢᠯ ᠢᠶᠠᠨ ᠰᠢᠯᠢᠳᠡᠭᠵᠢᠭᠦᠯᠬᠦ ᠪᠠᠷ ᠬᠠᠶᠢᠨ ᠰᠦᠪᠡᠭᠴᠢᠯᠡᠬᠦ ᠲᠠᠢ ᠤᠶᠠᠯᠳᠤᠭᠤᠯᠤᠨ᠂ ᠬᠡᠷᠬᠢᠨ ᠰᠢᠨ᠎ᠡ ᠶᠢ ᠡᠭᠦᠳᠬᠦ ᠠᠷᠭ᠎ᠠ ᠪᠠᠷᠢᠯ ᠢᠶᠠᠷ ᠳᠠᠮᠵᠢᠭᠤᠯᠤᠨ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠨᠡᠩ ᠪᠦᠲᠦᠮᠵᠢᠲᠡᠢ ᠪᠠᠷ ᠡᠨᠧᠷᠭᠢ ᠶᠢ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠲᠠᠯ᠎ᠠ ᠪᠠᠷ ᠪᠣᠳᠣᠯᠬᠢᠯᠠᠵᠤ᠂ ᠨᠡᠩ ᠴᠢᠩᠭ᠎ᠠ ᠨᠢᠮᠪᠠᠢ ᠠᠵᠢᠯ ᠤᠨ ᠣᠪᠣᠷ ᠢᠶᠠᠷ ᠠᠮᠤᠷ ᠲᠦᠪᠰᠢᠨ᠂ ᠥᠨᠳᠥᠷ ᠪᠦᠲᠦᠮᠵᠢᠲᠡᠢ᠂ ᠪᠣᠬᠢᠷᠲᠤᠯ ᠦᠭᠡᠢ ᠬᠥᠭᠵᠢᠯᠲᠡ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠯ᠎ᠡ᠃    ᠤᠬᠠᠭᠤᠯᠤᠨ ᠲᠠᠶᠢᠯᠪᠤᠷᠢᠯᠠᠯᠲᠠ ᠶᠢ ᠰᠣᠨᠣᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠦᠢᠯᠡ ᠠᠵᠢᠯᠯᠠᠭ᠎ᠠ ᠳᠠᠭᠠᠨ ᠬᠡᠷᠡᠭᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠪᠣᠯᠣᠨ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠠᠵᠢᠯ ᠳᠤ ᠬᠦᠴᠦ ᠨᠡᠮᠡᠷᠢᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号