12306 ᠦᠢᠯᠡᠴᠢᠯᠡᠭᠡᠨ ᠤ ᠲᠥᠪ ᠰᠢᠨ᠎ᠡ ᠴᠢᠳᠠᠮᠵᠢ ᠭᠠᠷᠭᠠᠪᠠ
ᠨᠡᠶᠢᠲᠡᠯᠡᠭᠰᠡᠨ ᠴᠠᠭ᠄
2024/8/23
    ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠥᠯᠥᠭᠡ ᠲᠡᠮᠦᠷ ᠵᠠᠮ ᠤᠨ ᠰᠠᠯᠠᠭ᠎ᠠ ᠮᠥᠴᠢᠷ ᠠᠴᠠ 12306 ᠦᠢᠯᠡᠴᠢᠯᠡᠭᠡᠨ ᠤ ᠲᠥᠪ  ᠰᠤᠷᠤᠭᠴᠢᠳ ᠤᠨ ᠪᠢᠯᠧᠲ ᠬᠤᠳᠠᠯᠳᠤᠨ ᠠᠪᠬᠤ ᠬᠠᠮᠢᠶ᠎ᠠ ᠪᠦᠬᠦᠢ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠪᠡ᠃           ︽ᠰᠤᠷᠤᠭᠴᠢᠳ ᠤᠨ ᠪᠢᠯᠧᠲ ᠵᠠᠬᠢᠶᠠᠯᠠᠬᠤ ᠦᠢᠯᠡᠴᠢᠯᠡᠭᠡ︾᠎ ᠶᠢᠨ ᠴᠢᠳᠠᠮᠵᠢ           8 ᠰᠠᠷ᠎ᠠ ᠶᠢᠨ 20᠎ ᠤ ᠡᠳᠦᠷ ᠠᠴᠠ 9 ᠰᠠᠷ᠎ᠠ ᠶᠢᠨ 8᠎ ᠤ ᠡᠳᠦᠷ ᠪᠣᠯᠲᠠᠯ᠎ᠠ ᠡᠳᠦᠷ ᠪᠦᠷᠢ ᠶᠢᠨ 5᠄ 00 ᠴᠠᠭ ᠠᠴᠠ 23᠄ 00 ᠴᠠᠭ ᠪᠣᠯᠲᠠᠯ᠎ᠠ᠂ ᠲᠡᠮᠦᠷ ᠵᠠᠮ ᠤᠨ ᠰᠠᠯᠠᠭ᠎ᠠ ᠮᠥᠴᠢᠷ ᠠᠴᠠ 12306᠎ ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ ᠰᠣᠷᠣᠭᠴᠢ ︵ᠰᠣᠷᠣᠭᠴᠢ ᠶᠢᠨ ᠬᠠᠷᠠᠭᠠᠯᠵᠠᠯ ᠤᠨ ᠬᠢᠷᠢ ᠬᠡᠮ ᠤᠨ ᠬᠢᠨᠠᠨ ᠰᠢᠯᠭᠠᠯᠲᠠ ᠶᠢᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠢ︶ ᠭᠡᠵᠦ ᠪᠢᠴᠢᠭᠰᠡᠨ ᠬᠥᠮᠥᠰ ᠲᠤ ᠴᠢᠭᠯᠡᠭᠦᠯᠦᠨ᠂ ︽ᠮᠢᠨᠤ︾ ᠭᠡᠬᠦ ᠨᠢᠭᠤᠷ ᠤᠨ ᠡᠭᠡᠯᠵᠢᠯᠡᠨ ᠨᠡᠪᠲᠡᠷᠡᠭᠦᠯᠬᠦ ᠲᠣᠭᠤᠷᠢᠭ ᠲᠤ ︽ᠰᠣᠷᠣᠭᠴᠢ ᠶᠢᠨ ᠪᠢᠯᠧᠲ ᠵᠠᠬᠢᠶᠠᠯᠠᠨ ᠬᠤᠳᠠᠯᠳᠤᠨ ᠠᠪᠬᠤ ᠦᠢᠯᠡᠴᠢᠯᠡᠭᠡ︾᠎ ᠶᠢᠨ ᠣᠷᠣᠬᠤ ᠡᠭᠦᠳᠡ ᠶᠢ ᠨᠡᠮᠡᠵᠦ ᠭᠠᠷᠭᠠᠪᠠ᠂ ᠡᠨᠡ ᠬᠦ ᠣᠷᠣᠬᠤ ᠡᠭᠦᠳᠡ ᠪᠠᠷ 9 ᠰᠠᠷ᠎ᠠ ᠶᠢᠨ 5᠎ ᠤ ᠡᠳᠦᠷ ᠠᠴᠠ 9 ᠰᠠᠷ᠎ᠠ ᠶᠢᠨ 23᠎ ᠤ ᠡᠳᠦᠷ ᠪᠣᠯᠲᠠᠯ᠎ᠠ ᠪᠢᠯᠧᠲ ᠵᠠᠬᠢᠶᠠᠯᠠᠵᠤ ᠪᠣᠯᠣᠨ᠎ᠠ᠃ ᠤᠷᠢᠳᠴᠢᠯᠠᠨ ᠬᠤᠳᠠᠯᠳᠤᠬᠤ ᠬᠤᠭᠤᠴᠠᠭ᠎ᠠ ︵9 ᠰᠠᠷ᠎ᠠ ᠶᠢᠨ 5᠎ ᠤ ᠡᠳᠦᠷ ᠤᠨ ᠳᠣᠲᠣᠷ᠎ᠠ︶᠎ ᠳᠤ ᠣᠷᠣᠭᠰᠠᠨ ᠲᠡᠷᠭᠡᠨ ᠪᠢᠯᠧᠲ ᠢ ᠬᠡᠪ ᠤᠨ ᠠᠷᠭ᠎ᠠ ᠪᠠᠷ ᠬᠤᠳᠠᠯᠳᠤᠨ᠎ᠠ᠂ ᠬᠡᠷᠪᠡ ᠲᠡᠷᠭᠡᠨ ᠪᠢᠯᠧᠲ ᠢ ᠬᠤᠳᠠᠯᠳᠤᠭᠠᠳ ᠪᠠᠷᠠᠴᠢᠬᠠᠪᠠᠯ᠂ ᠣᠷᠣᠯᠠᠭᠴᠢ ᠴᠢᠳᠠᠮᠵᠢ ᠶᠢ ᠬᠡᠷᠡᠭᠯᠡᠵᠦ ᠪᠣᠯᠣᠨ᠎ᠠ᠃           ︽ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠴᠢᠳᠠᠮᠵᠢ        8 ᠰᠠᠷ᠎ᠠ ᠶᠢᠨ 20᠎ ᠤ ᠡᠳᠦᠷ ᠠᠴᠠ 9 ᠰᠠᠷ᠎ᠠ ᠶᠢᠨ 23᠎ ᠤ ᠡᠳᠦᠷ ᠪᠣᠯᠲᠠᠯ᠎ᠠ᠂ 12306᠎ ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ ᠰᠣᠷᠣᠭᠴᠢ ︵ᠰᠣᠷᠣᠭᠴᠢ ᠶᠢᠨ ᠬᠠᠷᠠᠭᠠᠯᠵᠠᠯ ᠤᠨ ᠬᠢᠷᠢ ᠬᠡᠮ ᠢ ᠬᠢᠨᠠᠨ ᠰᠢᠯᠭᠠᠭᠰᠠᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠢ︶ ᠭᠡᠵᠦ ᠪᠢᠴᠢᠭᠰᠡᠨ ᠬᠥᠮᠥᠰ ᠰᠦᠯᠵᠢᠶ᠎ᠡ ᠳᠤ ᠭᠠᠷᠤᠭᠰᠠᠨ ᠤ ᠳᠠᠷᠠᠭ᠎ᠠ ᠲᠦᠷᠦᠭᠦᠦ ᠨᠢᠭᠤᠷ ᠤᠨ ︽ᠭᠠᠯᠲᠤ ᠲᠡᠷᠭᠡᠨ ᠤ ᠪᠢᠯᠧᠲ︾᠎ ᠤᠨ ᠪᠢᠯᠧᠲ ᠬᠤᠳᠠᠯᠳᠤᠨ ᠠᠪᠬᠤ ᠨᠢᠭᠤᠷ ᠲᠤ ᠭᠠᠯᠲᠤ ᠲᠡᠷᠭᠡᠨ ᠳᠤ ᠭᠠᠷᠬᠤ ᠦᠷᠳᠡᠭᠡ ᠪᠠ ᠬᠦᠷᠬᠦ ᠥᠷᠲᠡᠭᠡ᠂ ᠭᠠᠯᠲᠤ ᠲᠡᠷᠭᠡᠨ ᠳᠤ ᠰᠠᠭᠤᠬᠤ ᠡᠳᠦᠷ ᠬᠤᠭᠤᠴᠠᠭ᠎ᠠ ᠪᠠᠨ ᠪᠢᠴᠢᠵᠦ ᠣᠷᠣᠭᠤᠯᠤᠭᠠᠳ᠂ ︽ᠰᠢᠭᠤᠳ ᠬᠦᠷᠬᠦ︾ ᠪᠠ ︽ᠲᠡᠷᠭᠡ ᠰᠣᠯᠢᠬᠤ︾ ᠨᠢᠭᠤᠷ ᠠᠴᠠ ᠦᠷ᠎ᠡ ᠳ᠋ᠦᠩ ᠢ ᠠᠰᠠᠭᠤᠨ ᠯᠠᠪᠯᠠᠵᠤ ᠪᠣᠯᠣᠨ᠎ᠠ᠂ ᠴᠢᠨᠦ ᠰᠠᠭᠤᠬᠤ ᠭᠡᠰᠡᠨ ᠲᠡᠷᠡ ᠤᠳᠠᠭ᠎ᠠ ᠶᠢᠨ ᠭᠠᠯᠲᠤ ᠲᠡᠷᠭᠡ ᠪᠠᠶᠢᠬᠤ ᠦᠭᠡᠢ᠂ ᠵᠠᠮ ᠤᠨ ᠳᠤᠮᠳᠠ ᠰᠣᠯᠢᠬᠤ ᠭᠠᠯᠲᠤ ᠲᠡᠷᠭᠡ ᠪᠠᠶᠢᠬᠤ ᠦᠭᠡᠢ ᠶᠤᠮ ᠪᠣᠯ ︽ᠲᠡᠷᠭᠡ ᠰᠣᠯᠢᠬᠤ︾ ᠨᠢᠭᠤᠷ ᠲᠤ ᠣᠷᠣᠪᠠᠯ ︽ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠭᠡᠬᠦ ᠴᠢᠳᠠᠮᠵᠢ ᠢᠯᠡᠷᠡᠨ ᠭᠠᠷᠤᠨ᠎ᠠ᠃ ᠰᠤᠷᠤᠭᠴᠢᠳ ᠥᠪᠡᠷ ᠤᠨ ᠬᠡᠷᠡᠭᠴᠡᠭᠡ ᠪᠠᠨ ᠲᠠᠭᠯᠠᠨ ᠮᠡᠳᠡᠭᠦᠯᠵᠦ ᠪᠣᠯᠣᠨ᠎ᠠ᠂ ᠪᠠᠰᠠ ᠪᠤᠰᠤᠳ ᠰᠤᠷᠤᠭᠴᠢᠳ ᠢ ᠣᠷᠣᠯᠠᠨ ᠬᠡᠷᠡᠭᠴᠡᠭᠡ ᠶᠢ ᠨᠢ ᠲᠠᠭᠯᠠᠨ ᠮᠡᠳᠡᠭᠦᠯᠵᠦ ᠪᠣᠯᠣᠨ᠎ᠠ᠂ ᠥᠪᠡᠷ ᠤᠨ ᠲᠤᠰᠢᠶᠠᠭᠰᠠᠨ ᠬᠡᠷᠡᠭᠴᠡᠭᠡ ᠪᠠᠨ ᠠᠰᠠᠭᠤᠨ ᠯᠠᠪᠯᠠᠬᠤ ᠪᠠ ᠬᠠᠰᠤᠵᠤ ᠬᠠᠶᠠᠵᠤ ᠪᠣᠯᠣᠨ᠎ᠠ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号