ᠵᠢᠷ ᠤᠨ ᠭᠤᠣᠯ ᠪᠠᠯᠭᠠᠰᠣ ᠮᠠᠯ ᠤᠨ ᠭᠠᠷᠭᠠᠯᠳᠠ ᠶᠢᠨ ᠬᠤᠭᠤᠴᠠᠭᠠᠨ ᠤ ᠬᠢᠵᠢᠭ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠵᠤ ᠪᠣᠢ
ᠨᠡᠶᠢᠲᠡᠯᠡᠭᠰᠡᠨ ᠴᠠᠭ᠄
2024/8/23
    ᠮᠠᠯ ᠤᠨ ᠭᠠᠷᠭᠠᠯᠲᠠ ᠶᠢᠨ ᠬᠤᠭᠤᠴᠠᠭᠠᠨ ᠤ ᠬᠢᠵᠢᠭ ᠪᠠᠶᠢᠴᠠᠭᠠᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠮᠠᠯ ᠠᠵᠣ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠵᠢᠷ ᠤᠨ ᠭᠤᠤᠯ  ᠪᠠᠯᠭᠠᠰᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠨᠢ ᠮᠠᠯ ᠢ ᠨᠢᠳᠣᠯᠵᠣ ᠪᠣᠷᠣᠯᠠᠭᠤᠯᠬᠤ ᠵᠠᠩᠭᠢᠯᠠᠭ᠎ᠠ ᠶᠢᠨ ᠦᠶ᠎ᠡ ᠶᠢᠨ ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠮᠠᠯ ᠤᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠨ᠂ ᠮᠠᠯ ᠤᠨ ᠭᠠᠷᠭᠠᠯᠳᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠵᠦ ᠪᠠᠶᠢᠨ᠎ᠠ᠃    8 ᠰᠠᠷ᠎ᠠ ᠶᠢᠨ 1᠎ ᠤ ᠡᠳᠦᠷ ᠠᠴᠠ ᠡᠬᠢᠯᠡᠨ ᠵᠢᠷ ᠤᠨ ᠭᠤᠤᠯ ᠪᠠᠯᠭᠠᠰᠣᠨ ᠤ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠤᠯᠳᠡ ᠶᠢᠨ ᠭᠠᠵᠠᠷ ᠨᠢ ︽ᠥᠪᠥᠷ ᠮᠣᠩᠭᠤᠯ ᠤᠨ ᠮᠠᠯ ᠵᠦᠬᠡᠬᠡᠪᠤᠷᠢ ᠶᠢᠨ ᠨᠡᠪᠳᠡᠷᠡᠯ︾ ᠎ ᠤᠨ ᠬᠢᠵᠢᠭ ᠪᠠᠶᠢᠴᠠᠭᠠᠬᠤ ᠰᠢᠰᠲ᠋ᠧᠮ ᠢ ᠡᠬᠢᠯᠡᠨ ᠬᠡᠷᠡᠭᠯᠡᠵᠦ᠂ ᠠᠮᠢᠲᠠᠨ ᠤ ᠬᠢᠵᠢᠭ ᠭᠡᠮ ᠢ ᠬᠢᠨᠠᠵᠦ ᠪᠠᠶᠢᠴᠠᠭᠠᠬᠤ ᠪᠥᠬᠦ ᠶᠠᠪᠤᠴᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠢᠵᠢᠭ ᠬᠡᠮ ᠢ ᠬᠢᠨᠠᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠮᠠᠯᠴᠢᠨ ᠡᠷᠦᠬᠡ ᠨᠢ ︽ᠥᠪᠥᠷ ᠮᠣᠩᠭᠤᠯ ᠤᠨ ᠮᠠᠯ ᠵᠦᠬᠡᠬᠡᠪᠤᠷᠢ ᠶᠢᠨ ᠨᠡᠪᠳᠡᠷᠡᠯ︾᠎ ᠤᠨ ᠭᠠᠷ ᠤᠲᠠᠰᠤᠨ ᠤ APP᠎ ᠢᠶᠠᠷ ᠳᠠᠮᠵᠢᠭᠤᠯᠤᠨ ᠠᠮᠢᠲᠠᠨ ᠤ ᠬᠢᠵᠢᠭ ᠬᠡᠮ ᠢ ᠪᠠᠶᠢᠴᠠᠭᠠᠬᠤ ᠪᠠᠷ ᠭᠤᠶᠤᠴᠢᠯᠠᠯ ᠮᠡᠳᠡᠭᠦᠯᠵᠦ᠂ ᠠᠯᠪᠠᠨ ᠤ ᠲᠠᠯ᠎ᠠ ᠶᠢᠨ ᠮᠠᠯ ᠤᠨ ᠡᠮᠴᠢ ᠪᠠᠷ ᠠᠩᠬ᠎ᠠ ᠠᠯᠬᠤᠮ ᠬᠢᠨᠠᠭᠤᠯᠤᠨ᠂ ᠲᠤᠬᠠᠢ ᠶᠢᠨ ᠲᠠᠯᠠᠪᠤᠷ ᠲᠤ ᠬᠢᠵᠢᠭ ᠪᠠᠶᠢᠴᠠᠭᠠᠭᠰᠠᠨ ᠤ ᠳᠠᠷᠠᠭ᠎ᠠ ᠠᠮᠢᠲᠠᠨ ᠤ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠡᠯᠧᠺᠲᠷᠣᠨ ᠬᠡᠪ ᠤᠨ ᠭᠡᠷᠡᠴᠢ ᠭᠠᠷᠭᠠᠵᠦ᠂ ᠮᠠᠯᠴᠢᠳ ᠲᠤ ᠲᠦᠷᠬᠡᠨ ᠮᠦᠷᠳᠡᠬᠡᠨ ᠲᠦᠬᠦᠮ ᠬᠢᠵᠢᠭ ᠪᠠᠶᠢᠴᠠᠭᠠᠬᠤ ᠦᠢᠯᠡᠴᠢᠯᠡᠭᠡ ᠬᠠᠩᠭᠠᠵᠦ ᠪᠠᠶᠢᠨ᠎ᠠ᠃ ᠡᠭᠦᠨ ᠤ ᠬᠠᠮᠲᠤ ᠪᠣᠳᠠᠲᠤ ᠠᠵᠢᠯ ᠤᠨ ᠳᠤᠮᠳᠠ ᠠᠯᠪᠠᠨ ᠤ ᠲᠠᠯ᠎ᠠ ᠶᠢᠨ ᠮᠠᠯ ᠤᠨ ᠡᠮᠴᠢ ᠨᠠᠷ ᠮᠠᠯᠵᠢᠬᠤ ᠡᠷᠦᠬᠡ ᠶᠢᠨ ᠭᠠᠷ ᠤᠲᠠᠰᠤ ᠪᠠᠷ ᠮᠡᠳᠡᠭᠦᠯᠬᠦ ᠪᠠ ᠮᠡᠳᠡᠭᠦᠯᠤᠯᠳᠠ ᠶᠢᠨ ᠮᠡᠳᠡᠭᠡ ᠵᠠᠩᠭᠢ ᠪᠠᠨ ᠪᠠᠳᠤᠯᠠᠨ ᠨᠤᠳᠠᠯᠠᠬᠤ ᠶᠢ ᠨᠠᠷᠢᠨ ᠨᠢᠮᠪᠠᠢ ᠵᠢᠭᠠᠨ ᠵᠢᠯᠣᠭᠤᠳᠴᠦ᠂ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠬᠦ ᠳᠦᠷᠢᠮ ᠪᠤᠯᠤᠨ ᠬᠢᠵᠢᠭ ᠤᠨ ᠪᠠᠶᠢᠴᠠᠭᠠᠯᠲᠠ ᠶᠢᠨ ᠲᠠᠰ ᠳᠠᠷᠠᠭᠠᠯᠠᠯ ᠢ ᠴᠢᠩᠳᠠᠯᠠᠵᠤ᠂ ᠮᠠᠯ ᠤᠨ ᠬᠢᠵᠢᠭ ᠤᠨ ᠪᠠᠶᠢᠴᠠᠭᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠬᠢᠬᠡᠳ ᠰᠦᠯᠵᠢᠶᠡᠨ ᠤ ᠬᠢᠵᠢᠭ ᠤᠨ ᠪᠠᠶᠢᠴᠠᠭᠠᠯᠲᠠ ᠶᠢᠨ ᠲᠠᠰ ᠳᠠᠷᠠᠭᠠᠯᠠᠯ ᠢ ᠢᠳᠡᠪᠬᠢᠲᠡᠢ ᠤᠬᠠᠭᠤᠯᠵᠤ᠂ ᠮᠠᠯ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠮᠠᠯᠴᠢᠨ ᠡᠷᠦᠬᠡ ᠶᠢᠨ ᠬᠢᠵᠢᠭ ᠤᠨ ᠪᠠᠶᠢᠴᠠᠭᠠᠯᠳᠠ ᠶᠢᠨ ᠮᠡᠳᠡᠬᠦᠯᠦᠯᠳᠡ ᠶᠢᠨ ᠦᠵᠡᠯ ᠤᠬᠠᠮᠰᠡᠷ ᠢ ᠲᠠᠰᠤᠷᠠᠯᠳᠠ ᠦᠬᠡᠢ ᠲᠡᠭᠡᠭᠰᠢᠯᠡᠬᠦᠯᠵᠦ ᠪᠠᠶᠢᠨ᠎ᠠ᠃     ᠣᠲᠤᠬᠠᠨ ᠪᠣᠯᠲᠠᠯ᠎ᠠ᠂ ᠵᠢᠷ ᠤᠨ ᠭᠤᠤᠯ ᠪᠠᠯᠭᠠᠰᠣᠨ ᠤ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠤᠯᠳᠡ ᠶᠢᠨ ᠭᠠᠵᠠᠷ ᠨᠢ 24446 ᠬᠤᠷᠠᠭ᠎ᠠ ᠢᠰᠢᠭᠡᠨ ᠳᠤ ᠬᠢᠵᠢᠭ ᠤᠨ ᠪᠠᠶᠢᠴᠠᠭᠠᠯᠲᠠ ᠬᠢᠵᠦ᠂ ᠡᠭᠦᠨ ᠳᠤ ᠵᠢᠷ ᠤᠨ ᠭᠤᠤᠯ ᠪᠠᠯᠭᠠᠰᠣᠨ ᠤ ᠡᠯ᠎ᠡ ᠭᠠᠴᠠᠭᠠᠨ ᠤ 14394 ᠲᠤᠯᠤᠭᠠᠢ ᠬᠤᠷᠠᠭ᠎ᠠ ᠢᠰᠢᠭᠡᠨ ᠳᠤ ᠬᠢᠵᠢᠭ ᠤᠨ ᠪᠠᠶᠢᠴᠠᠭᠠᠯᠲᠠ ᠬᠢᠵᠦ᠂ ᠪᠤᠰᠤᠳ ᠰᠤᠮᠤ ᠪᠠᠯᠭᠠᠰᠣᠨ ᠤ 10052 ᠲᠤᠯᠤᠭᠠᠢ ᠬᠤᠷᠠᠭ᠎ᠠ ᠢᠰᠢᠭᠡᠨ ᠳᠤ ᠬᠢᠵᠢᠭ ᠤᠨ ᠪᠠᠶᠢᠴᠠᠭᠠᠯᠲᠠ ᠬᠢᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号