ᠣᠶᠢᠷ᠎ᠠ ᠶᠢᠨ ᠵᠢᠯ᠂ ᠮᠠᠨ ᠤ ᠠᠶᠢᠮᠠᠭ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠵᠢᠯ | ᠦᠢᠯᠡᠰ ᠢ ᠲᠠᠰᠤᠷᠠᠯᠲᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠬᠢᠭᠡᠳ ᠤᠯᠤᠰ ᠤᠨ | ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠵᠡᠷᠭᠡᠪᠡᠷ ᠬᠡᠷᠡᠭᠵᠢᠭᠦᠯᠬᠦ ᠶᠢ ᠨᠢᠭᠡᠳᠦᠯᠲᠡᠢ | ᠲᠥᠯᠥᠪᠵᠢᠭᠦᠯᠦᠨ᠂ ︽ᠪᠡᠶ᠎ᠡ ᠶᠢᠨ ᠲᠠᠮᠢᠷ ᠤᠨ ᠦᠢᠯᠡᠴᠢᠯᠡᠭᠡ︾ ᠶᠢ ᠣᠯᠠᠨ ᠲᠦᠮᠡᠨ ᠤ ︽ᠡᠷᠡᠭᠦᠯ ᠮᠡᠨᠳᠦ ᠶᠢᠨ ᠨᠠᠷᠢᠨ | ᠲᠠᠩᠰᠠ︾ ᠳᠤ ᠣᠷᠣᠭᠤᠯᠵᠤ᠂ ︽ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠢ ᠠᠭᠤᠰᠤᠯᠴᠠᠭᠤᠯᠬᠤ︾ ᠵᠠᠭᠪᠤᠷ ᠢ ᠡᠭᠦᠳᠦᠨ᠂ | ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ | ᠨᠡᠮᠡᠷᠢᠯᠡᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ ᠬᠤᠰᠢᠭᠤ ᠰᠢᠶᠠᠨ ᠤ ᠱᠠᠲᠤᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠤᠨ ᠪᠦᠷᠬᠦᠴᠡ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠰᠠᠭᠤᠷᠢ ᠲᠥᠬᠦᠭᠡᠷᠦᠮᠵᠢ ᠶᠢᠨ ᠪᠦᠷᠬᠦᠴᠡ ᠴᠣᠮ 100% ᠭᠦᠷᠪᠡ᠃ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ | ᠲᠠᠯᠠᠪᠠᠶ 342.5835 ᠲᠦᠮᠡᠨ ᠬᠠᠪᠲᠠᠭᠠᠢ ᠳᠥᠷᠪᠡᠯᠵᠢᠨ ᠮᠧᠲᠷ ᠬᠦᠷᠴᠦ᠂ ᠬᠥᠮᠥᠨ ᠳᠤᠮᠳᠠᠴᠢ ᠶᠢᠨ ᠪᠡᠶ᠎ᠡ ᠶᠢᠨ | ᠲᠠᠮᠢᠷ ᠤᠨ ᠲᠠᠯᠠᠪᠠᠶ 3.06 ᠬᠠᠪᠲᠠᠭᠠᠢ ᠳᠥᠷᠪᠡᠯᠵᠢᠨ ᠮᠧᠲᠷ ᠬᠦ᠋ᠷᠴᠦ᠂ ᠬᠠᠷᠠᠯᠲᠠ ᠡᠭᠦᠷᠭᠡ ᠠᠴᠠ 0.86 | ᠬᠠᠪᠲᠠᠭᠠᠢ ᠳᠥᠷᠪᠡᠯᠵᠢᠨ ᠮᠧᠲᠷ ᠳᠠᠪᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ | ᠲᠦᠪᠰᠢᠨ ᠠᠴᠠ ᠳᠠᠪᠠᠪᠠ᠃ | ᠣᠶᠢᠷ᠎ᠠ ᠶᠢᠨ ᠵᠢᠯ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠦᠢᠴᠡᠳ | ᠪᠠᠶᠢᠴᠠᠭᠠᠨ ᠰᠤᠳᠤᠯᠤᠯᠲᠠ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠰᠠᠭᠤᠷᠢ | ᠲᠥᠬᠦᠭᠡᠷᠦᠮᠵᠢ ᠶᠢ ᠦᠷᠭᠦᠯᠵᠢᠯᠡᠨ ᠨᠡᠮᠡᠭᠳᠡᠭᠦᠯᠵᠦ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ | ᠪᠠᠶᠢᠭᠤᠯᠵᠤ᠂ ᠣᠯᠠᠨ ᠲᠦᠮᠡᠨᠴᠢ ᠬᠥᠳᠡᠯᠭᠡᠭᠡᠨ ᠬᠢᠬᠦ ᠳᠤ ᠳᠥᠭᠦᠮ ᠪᠣᠯᠭᠠᠪᠠ᠃ | ᠡᠭᠦᠨ ᠠᠴᠠ ᠭᠠᠳᠠᠨ᠎ᠠ᠂ ᠠᠶᠢᠮᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠬᠤ ᠲᠥᠪ | ᠰᠢᠯᠢ ᠶᠢᠨ ᠬᠤᠳᠠ ᠶᠢᠨ ᠪᠡᠶ᠎ᠡ ᠶᠢᠨ ᠲᠠᠮᠢᠷ ᠤᠨ ᠣᠷᠳᠣᠨ᠂ ᠠᠪᠠᠭ᠎ᠠ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ | ᠵᠡᠷᠭᠡ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠵᠦ ᠪᠠᠶᠢᠭ᠎ᠠ 17 ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠲᠠᠯᠠᠪᠤᠷ ᠣᠷᠳᠣᠨ ᠢ ᠪᠦᠬᠦᠨ ᠢ ᠦᠨ᠎ᠡ ᠲᠥᠯᠥᠪᠦᠷᠢ ᠦᠭᠡᠢ ᠪᠤᠶᠤ ᠬᠢᠮᠳᠠ ᠰᠦᠢᠳᠬᠡᠯ ᠢᠶᠠᠷ ᠨᠡᠶᠢᠭᠡᠮ | ᠨᠡᠶᠢᠲᠡ ᠳᠤ ᠨᠡᠭᠡᠭᠡᠪᠡ᠃ 2024 ᠣᠨ ᠳᠤ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠵᠢᠯ ᠤᠨ ᠳᠣᠲᠣᠷ᠎ᠠ ᠨᠥᠬᠦᠪᠦᠷᠢ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠭᠰᠠᠨ | 25 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠨᠡᠶᠢᠭᠡᠮ ᠨᠡᠶᠢᠲᠡ ᠳᠤ ᠦᠨ᠎ᠡ | ᠲᠥᠯᠥᠪᠦᠷᠢ ᠦᠭᠡᠢ ᠪᠤᠶᠤ ᠬᠢᠮᠳᠠ ᠰᠦᠢᠳᠬᠡᠯ ᠢᠶᠠᠷ ᠨᠡᠭᠡᠭᠡᠪᠡ᠃ | 2023 ᠣᠨ ᠠᠴᠠ ᠨᠠᠭᠠᠰᠢ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠡᠯ᠎ᠡ ᠭᠠᠵᠠᠷ ᠤᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ | ᠤᠶᠠᠯᠳᠤᠭᠤᠯᠤᠨ᠂ ᠪᠥᠬᠦ ᠠᠶᠢᠮᠠᠭ ᠤᠨ ᠠᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠠᠷᠪᠠᠨ | ᠵᠢᠷᠭᠤᠳᠤᠭᠠᠷ ᠬᠤᠭᠤᠴᠠᠭᠠᠨ ᠤ ᠪᠦᠭᠡ ᠶᠢᠨ ᠴᠣᠯᠠ ᠣᠯᠭᠤᠬᠤ ᠨᠠᠶᠢᠷ᠂ ᠠᠷᠪᠠᠨ ᠭᠤᠷᠪᠠᠳᠤᠭᠠᠷ ᠬᠤᠭᠤᠴᠠᠭᠠᠨ ᠤ | ᠨᠠᠰᠤᠲᠠᠶᠢᠴᠤᠳ ᠤᠨ ᠫᠢᠩᠫᠠᠩ ᠪᠥᠮᠪᠦᠭᠡ ᠴᠢᠴᠢᠭᠦᠷ ᠪᠥᠮᠪᠦᠭᠡ ᠶᠢᠨ ᠠᠵᠢᠯᠯᠠᠭ᠎ᠠ ᠵᠡᠷᠭᠡ ᠣᠯᠠᠨ ᠶᠠᠩᠵᠤ ᠶᠢᠨ | ᠤᠷᠤᠯᠳᠤᠭᠠᠨ ᠥᠷᠨᠢᠭᠦᠯᠵᠦ᠂ ᠪᠥᠬᠦ ᠠᠶᠢᠮᠠᠭ ᠤᠨ 2600 ᠭᠠᠷᠤᠢ ᠬᠥᠮᠥᠨ ᠢ ᠣᠷᠣᠯᠴᠠᠭᠤᠯᠪᠠ᠃ ᠡᠭᠦᠨ ᠤ ᠬᠠᠮᠲᠤ᠂ | ᠪᠥᠬᠦ ᠤᠯᠤᠰ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠤᠰᠬᠠᠯ ᠳᠤ ᠢᠳᠡᠪᠬᠢᠲᠡᠢ ᠠᠭᠤᠰᠤᠯᠴᠠᠵᠤ᠂ | ᠣᠯᠠᠨ ᠵᠦᠢᠯ ᠤᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠷᠤᠯᠳᠤᠭᠠᠨ ᠤ | ᠠᠵᠢᠯᠯᠠᠭ᠎ᠠ ᠳᠤ ᠪᠦᠯᠬᠦᠮ ᠵᠣᠬᠢᠶᠠᠨ ᠪᠠᠶᠢᠭᠤᠯᠤᠨ ᠣᠷᠣᠯᠴᠠᠭᠤᠯᠪᠠ᠃ 2023 ᠣᠨ ᠤ ᠡᠴᠦᠰ ᠪᠣᠯᠲᠠᠯ᠎ᠠ᠂ ᠪᠥᠬᠦ | ᠠᠶᠢᠮᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠰᠠᠨ ᠬᠥᠮᠥᠨ ᠤ ᠲᠤᠭ᠎ᠠ ᠶᠢᠨ ᠬᠠᠷᠢᠴᠠᠯ | 38.7% ᠬᠦᠷᠴᠦ᠂ ᠬᠠᠷᠠᠯᠲᠠ ᠡᠭᠦᠷᠭᠡ ᠠᠴᠠ 0.2% ᠢᠶᠠᠷ ᠳᠠᠪᠠᠵᠤ᠂ ᠪᠥᠬᠦ ᠤᠯᠤᠰ᠂ ᠪᠥᠬᠦ ᠣᠷᠣᠨ ᠤ ᠳᠤᠮᠳᠠᠴᠢ | ᠬᠢᠷᠢ ᠲᠦᠪᠰᠢᠨ ᠠᠴᠠ ᠳᠠᠪᠠᠭᠰᠠᠨ ᠪᠠᠶᠢᠨ᠎ᠠ᠃ | ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠤᠭᠴᠢ ᠶᠢᠨ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ | ᠡᠷᠡᠭᠦᠯ ᠮᠡᠨᠳᠦ ᠶᠢᠨ ᠬᠥᠳᠡᠯᠭᠡᠭᠡᠨ ᠳᠤ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠵᠤ᠂ ᠡᠯ᠎ᠡ | ᠲᠥᠷᠥᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠠᠵᠢᠯ ᠤᠨ ᠪᠣᠯᠪᠠᠰᠤᠷᠠᠯ ᠢ | ᠢᠳᠡᠪᠬᠢᠲᠡᠢ ᠥᠷᠨᠢᠭᠦᠯᠪᠡ᠃ ᠨᠢᠳᠤᠨᠤᠨ ᠪᠥᠬᠦ ᠠᠶᠢᠮᠠᠭ ᠤᠨ 1717 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ ᠳᠤ ᠪᠣᠯᠪᠠᠰᠤᠷᠠᠯ ᠬᠦᠷᠲᠡᠭᠡᠵᠦ᠂ ᠪᠦᠭᠦ ᠠᠶᠢᠮᠠᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ 5000 ᠬᠥᠮᠥᠨ ᠢ ᠳᠠᠪᠠᠵᠤ᠂ ᠬᠥᠯ ᠪᠥᠮᠪᠦᠭᠡ ᠠᠯᠠᠭᠠᠳᠠᠬᠤ ᠪᠥᠮᠪᠦᠭᠡ ᠰᠠᠭᠰᠤᠨ ᠪᠥᠮᠪᠦᠭᠡ᠂ | ᠫᠢᠩᠫᠠᠩ ᠪᠥᠮᠪᠦᠭᠡ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠠᠭᠤᠳᠠᠮ ᠲᠠᠯᠠᠪᠠᠶ ᠶᠢᠨ ᠪᠥᠵᠢᠭ ᠵᠡᠷᠭᠡ ᠡᠯ᠎ᠡ | ᠲᠥᠷᠥᠯ ᠤᠨ ᠪᠡᠶ᠎ᠡ ᠶᠢᠨ ᠲᠠᠮᠢᠷ ᠢ ᠬᠠᠮᠤᠷᠪᠠ᠃ | |