ᠪᠠᠷᠠᠭᠤᠨ ᠦᠵᠦᠮᠦᠴᠢᠨ ᠬᠤᠰᠢᠭᠤ ᠮᠠᠯ ᠠᠵᠤ ᠠᠬᠤᠢ ᠶᠢᠨ ᠮᠠᠰᠢᠨ ᠪᠠᠭᠠᠵᠢ ᠳᠤ ᠨᠦᠬᠦᠪᠦᠷᠢ ᠤᠯᠭᠤᠬᠤ ᠠᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/23
      ᠪᠠᠷᠠᠭᠤᠨ ᠦᠵᠦᠮᠦᠴᠢᠨ ᠬᠤᠰᠢᠭᠤ ᠨᠢ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠠᠭᠠᠵᠢ  ᠳᠤ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠮᠠᠯ ᠠᠵᠤ ᠠᠬᠤᠢ ᠶᠢᠨ ᠡᠵᠡᠩᠨᠡᠯᠳᠡ ᠶᠢᠨ ᠴᠤᠭᠴᠠ ᠪᠠ ᠮᠠᠯᠴᠢᠳ ᠤᠨ ᠮᠠᠯᠵᠢᠬᠤ ᠦᠢᠯᠡᠳᠪᠦᠷᠢᠯᠡᠯ ᠤᠨ ᠰᠢᠨ᠎ᠡ ᠬᠡᠯᠪᠡᠷᠢ ᠶᠢᠨ ᠮᠠᠰᠢᠨ ᠪᠠᠭᠠᠵᠢ ᠬᠤᠳᠠᠯᠳᠤᠨ ᠠᠪᠬᠤ ᠶᠢ ᠵᠢᠯᠤᠭᠤᠳᠤᠨ ᠲᠡᠮᠵᠢᠵᠤ ᠮᠠᠯ ᠠᠵᠤ ᠠᠬᠤᠢ ᠶᠢᠨ ᠮᠠᠰᠢᠨᠴᠢᠯᠠᠯᠳᠠ ᠶᠢ ᠠᠬᠢᠭᠤᠯᠵᠤ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠲᠠᠩᠰᠤᠭ ᠭᠠᠴᠠᠭᠠᠨ ᠤ ᠮᠠᠯᠴᠢᠨ ᠡᠩᠬᠡᠵᠢᠷᠭᠠᠯ 3200 ᠮᠦ ᠨᠤᠳᠤᠭ ᠪᠡᠯᠴᠢᠭᠡᠷ ᠲᠡᠭᠡᠷ᠎ᠡ ᠪᠠᠨ 100 ᠭᠠᠷᠤᠢ ᠦᠬᠡᠷ ᠮᠠᠯᠵᠢᠵᠤ᠂ ᠵᠢᠯ ᠳᠡᠭᠡᠨ ᠡᠪᠡᠰᠦ ᠪᠤᠷᠳᠤᠭ᠎ᠠ ᠬᠤᠳᠠᠯᠳᠤᠨ ᠠᠪᠬᠤ ᠳᠤ ᠨᠡᠯᠢᠶᠡᠳ ᠵᠤᠭᠤᠰ ᠵᠠᠷᠤᠴᠠᠭᠤᠯᠳᠠᠭ ᠪᠠᠶᠢᠵᠠᠢ᠃ ᠡᠶᠢᠨᠬᠦ ᠲᠡᠷᠡ ᠪᠠᠷ ᠡᠨᠡ ᠵᠢᠯ ᠰᠢᠨ᠎ᠡ ᠬᠡᠯᠪᠡᠷᠢ ᠶᠢᠨ ᠬᠤᠯᠢᠵᠦ ᠪᠤᠯᠪᠠᠰᠤᠷᠠᠭᠤᠯᠬᠤ ᠮᠠᠰᠢᠨ ᠲᠦᠭᠦᠭᠡᠷᠦᠮᠵᠢ ᠬᠤᠳᠠᠯᠳᠤᠨ ᠠᠪᠴᠤ ᠦᠪᠡᠷᠳᠡᠭᠡᠨ ᠬᠤᠯᠢᠮᠠᠭ ᠲᠡᠵᠢᠭᠡᠯ ᠪᠤᠷᠳᠤᠭ᠎ᠠ ᠬᠢᠬᠦ ᠪᠠᠷ ᠪᠡᠯᠡᠳᠬᠡᠵᠦ ᠪᠠᠶᠢᠯ᠎ᠠ᠃      ᠪᠠᠷᠠᠭᠤᠨ ᠦᠵᠦᠮᠦᠴᠢᠨ ᠬᠤᠰᠢᠭᠤ ᠨᠢ 2024 ᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠠᠭᠠᠵᠢ ᠳᠤ ᠨᠦᠬᠦᠪᠦᠷᠢ ᠤᠯᠭᠤᠬᠤ ᠠᠵᠢᠯ ᠢ ᠯᠠᠪᠳᠠᠭᠤᠨ ᠢᠶᠠᠷ ᠶᠠᠪᠤᠭᠳᠠᠭᠤᠯᠵᠤ᠂ ᠨᠡᠶᠢᠳᠡ 500.037 ᠲᠦᠮᠡᠨ ᠲᠦᠭᠦᠷᠢᠭ ᠤᠨ ᠮᠠᠯ ᠠᠵᠤ ᠠᠬᠤᠢ ᠶᠢᠨ ᠮᠠᠰᠢᠨ ᠪᠠᠭᠠᠵᠢ ᠶᠢᠨ ᠨᠦᠬᠦᠪᠦᠷᠢ ᠮᠦᠩᠭᠦ ᠲᠤᠬᠢᠷᠠᠭᠤᠯᠤᠨ ᠪᠦᠬᠦ ᠬᠤᠰᠢᠭᠤᠨ ᠤ ᠬᠡᠪᠴᠢᠶᠡᠨ ᠳᠠᠬᠢ ᠮᠠᠯᠵᠢᠬᠤ ᠦᠢᠯᠡᠳᠪᠦᠷᠢᠯᠡᠯ ᠳᠤ ᠤᠷᠤᠯᠴᠠᠵᠤ ᠪᠠᠶᠢᠭ᠎ᠠ ᠡᠵᠡᠩᠨᠡᠯᠳᠡ ᠶᠢᠨ ᠨᠢᠭᠡᠴᠡ ᠪᠤᠯᠤᠨ ᠮᠠᠯᠵᠢᠬᠤ ᠡᠷᠦᠬᠡ ᠶᠢᠨ ᠮᠠᠰᠢᠨ ᠪᠠᠭᠠᠵᠢ ᠬᠤᠳᠠᠯᠳᠤᠨ ᠠᠪᠬᠤ ᠳᠤ ᠨᠦᠬᠦᠪᠦᠷᠢ ᠤᠯᠭᠤᠵᠤ ᠪᠠᠶᠢᠨ᠎ᠠ᠃ ᠡᠨᠡ  ᠨᠢ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠠᠭᠠᠵᠢ ᠳᠤ ᠨᠦᠬᠦᠪᠦᠷᠢ ᠤᠯᠭᠤᠬᠤ ᠪᠠᠷᠢᠮᠵᠢᠶ᠎ᠠ ᠶᠤᠰᠤᠭᠠᠷ ᠨᠦᠬᠦᠪᠦᠷᠢ ᠶᠢᠨ ᠬᠡᠮᠵᠢᠶ᠎ᠡ ᠶᠢ ᠲᠤᠠᠠᠳᠠᠭᠠᠵᠦ᠂ ᠤᠷᠢᠳᠠᠪᠠᠷ ᠬᠤᠳᠠᠯᠳᠤᠨ ᠠᠪᠴᠤ ᠲᠠᠷᠠᠭ᠎ᠠ ᠨᠢ ᠨᠦᠬᠦᠪᠦᠷᠢᠯᠡᠬᠦ ᠵᠠᠷᠴᠢᠮ ᠢᠶᠠᠷ ᠮᠠᠯ ᠠᠵᠤ ᠠᠬᠤᠢ ᠶᠢᠨ ᠭᠤᠤᠯᠯᠠᠬᠤ ᠠᠵᠤ ᠦᠢᠯᠡᠰ ᠲᠤ ᠬᠡᠷᠡᠭᠰᠡᠬᠦ ᠮᠠᠰᠢᠨ ᠪᠠᠭᠠᠵᠢ  ᠳᠤ ᠨᠦᠬᠦᠪᠦᠷᠢ ᠤᠯᠭᠤᠬᠤ ᠪᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠮᠡᠷᠭᠡᠵᠢᠯ ᠲᠦᠭᠡᠮᠡᠯᠵᠢᠬᠦᠯᠬᠦ ᠲᠦᠪ ᠨᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠠᠭᠠᠵᠢ ᠬᠤᠳᠠᠯᠳᠤᠨ ᠠᠪᠬᠤ ᠬᠠᠮᠢᠶᠠᠷᠤᠯᠳᠠ ᠶᠢᠨ ᠰᠢᠰᠲ᠋ᠧᠮ ᠪᠠ APP ᠵᠦᠭᠡᠯᠡᠨ ᠲᠤᠨᠤᠭ ᠢ ᠨᠡᠭᠡᠭᠡᠵᠦ ᠠᠵᠢᠯᠯᠠᠭᠤᠯᠤᠨ᠂ ᠨᠦᠬᠦᠪᠦᠷᠢ ᠤᠯᠭᠤᠬᠤ ᠮᠠᠰᠢᠨ ᠪᠠᠭᠠᠵᠢ᠂ ᠬᠤᠳᠠᠯᠳᠤᠨ ᠠᠪᠬᠤ ᠠᠵᠤ ᠠᠬᠤᠶᠢᠯᠠᠯ᠂ ᠨᠦᠬᠦᠪᠦᠷᠢ ᠡᠷᠡᠮᠡᠯᠵᠡᠬᠦ ᠠᠯᠬᠤᠮ ᠲᠠᠷᠠᠭ᠎ᠠ᠂ ᠬᠡᠷᠡᠭᠰᠡᠬᠦ ᠪᠠᠷᠢᠮᠳᠠ ᠮᠠᠲ᠋ᠧᠷᠢᠶᠠᠯ ᠵᠡᠷᠭᠡ ᠶᠢ ᠯᠠᠪᠯᠠᠨ ᠤᠶᠢᠯᠠᠭᠠᠬᠤ ᠲᠠᠪᠴᠠᠩ ᠬᠠᠩᠭᠠᠵᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠠᠭᠠᠵᠢ ᠶᠢᠨ ᠨᠦᠬᠦᠪᠦᠷᠢ ᠶᠢᠨ ᠠᠵᠢᠯ ᠤᠨ ᠤᠷᠤᠠᠠᠰᠢᠳᠠᠢ ᠶᠠᠪᠤᠠᠠᠳᠠᠬᠤ ᠶᠢ ᠪᠠᠳᠤᠯᠠᠪᠠ᠃ ᠤᠳᠤ ᠪᠤᠯᠳᠠᠯ᠎ᠠ᠂ ᠲᠤᠰ ᠬᠤᠰᠢᠭᠤ ᠨᠢ ᠮᠠᠯᠵᠢᠬᠤ ᠦᠢᠯᠡᠳᠪᠦᠷᠢᠯᠡᠯ ᠳᠤ ᠬᠡᠷᠡᠭᠯᠡᠬᠦ 180 ᠭᠠᠷᠤᠢ ᠮᠠᠰᠢᠨ ᠪᠠᠭᠠᠵᠢ ᠶᠢᠨ ᠨᠦᠬᠦᠪᠦᠷᠢ ᠤᠯᠭᠤᠬᠤ ᠭᠠᠷ ᠬᠦᠢᠴᠡᠳᠬᠡᠯ ᠢ ᠬᠦᠢᠴᠡᠳᠬᠡᠨ ᠨᠡᠶᠢᠳᠡ 111 ᠲᠦᠮᠡᠨ ᠲᠦᠭᠦᠷᠢᠭ ᠤᠨ ᠨᠦᠬᠦᠪᠦᠷᠢ ᠪᠠᠭᠤᠯᠭᠠᠵᠦ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠮᠠᠰᠢᠨᠴᠢᠯᠠᠯᠳᠠ ᠶᠢᠨ ᠬᠢᠷᠢ ᠲᠦᠪᠰᠢᠨ ᠢ ᠶᠡᠬᠡᠪᠡᠷ ᠲᠡᠭᠡᠭᠰᠢᠯᠡᠬᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号