ᠣᠶᠢᠷ᠎ᠠ ᠳᠤ᠂ ᠡᠷᠳᠡᠨᠢᠪᠤᠯᠠᠭ ᠭᠠᠴᠠᠭ᠎ᠠ ᠮᠠᠯᠴᠢᠨ ᠡᠷᠦᠬᠡ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/23
    ᠬᠤᠷᠠᠯ ᠡᠬᠢᠯᠡᠮᠡᠭᠴᠡ᠂ ᠡᠷᠳᠡᠨᠢᠪᠤᠯᠠᠭ ᠭᠠᠴᠠᠭ᠎ᠠ ᠨᠢ ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠳᠡᠳ᠋ ᠰᠤᠳᠤᠯᠤᠭᠴᠢ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠵᠥᠪᠯᠡᠭᠴᠢ ᠡᠩᠬᠡᠮᠡᠨᠳᠦ ᠪᠠᠭᠰᠢ ᠶᠢ ᠤᠷᠢᠵᠤ ᠭᠠᠴᠠᠭᠠᠨ ᠤ ᠮᠠᠯᠴᠢᠳ ᠲᠤ ᠮᠠᠯ ᠮᠠᠯᠵᠢᠵᠤ ᠣᠷᠣᠯᠭ᠎ᠠ ᠪᠠᠨ ᠨᠡᠮᠡᠭᠳᠡᠭᠦᠯᠬᠦ ᠵᠥᠪ ᠠᠷᠭ᠎ᠠ ᠬᠡᠯᠪᠡᠷᠢ ᠪᠠ ᠠᠷᠭ᠎ᠠ ᠵᠠᠮ ᠢ ᠵᠢᠭᠠᠵᠤ᠂ ᠣᠳᠣᠬᠢᠴᠢᠯᠠᠭᠰᠠᠨ ᠮᠠᠯ ᠮᠠᠯᠵᠢᠵᠤ ᠲᠡᠵᠢᠭᠡᠬᠦ ᠠᠷᠭ᠎ᠠ ᠬᠡᠯᠪᠡᠷᠢ᠂ ᠡᠭᠦᠯᠳᠡᠷ ᠰᠠᠶᠢᠵᠢᠷᠠᠭᠤᠯᠬᠤ ᠵᠡᠷᠭᠡ ᠠᠵᠢᠯ ᠤᠨ ᠲᠣᠭᠤᠷᠢᠨ ᠳᠤ ᠬᠢᠴᠢᠶᠡᠯ ᠵᠢᠭᠠᠪᠠ᠃
    ᠬᠢᠴᠢᠶᠡᠯ ᠲᠡᠭᠦᠰᠦᠭᠰᠡᠨ ᠤ ᠳᠠᠷᠠᠭ᠎ᠠ᠂ ᠡᠷᠳᠡᠨᠢᠪᠤᠯᠠᠭ ᠭᠠᠴᠠᠭ᠎ᠠ ᠮᠠᠯᠴᠢᠨ ᠡᠷᠦᠬᠡ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠭᠠᠴᠠᠭᠠᠨ ᠤ ᠠᠵᠤ ᠠᠬᠤᠢ ᠶᠢᠨ ᠬᠤᠷᠰᠢᠶᠠᠵᠢᠯ ᠤᠨ ᠡᠯ᠎ᠡ ᠵᠦᠢᠯ ᠤᠨ ᠠᠵᠢᠯ ᠢ ᠶᠠᠷᠢᠯᠴᠠᠪᠠ᠃
    ᠬᠤᠷᠠᠯ ᠤᠨ ᠡᠴᠦᠰ ᠲᠤ᠂ ᠡᠷᠳᠡᠨᠢᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠨᠠᠰᠤᠨᠵᠢᠷᠭᠠᠯ ᠵᠢᠯ ᠤᠨ ᠡᠬᠢᠨ ᠠᠴᠠ ᠨᠠᠰᠢᠬᠢ ᠭᠠᠴᠠᠭᠠᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠯ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠭᠠᠴᠠᠭ᠎ᠠ ᠶᠢᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠂ ᠡᠳ᠋ ᠤᠨ ᠶᠠᠪᠤᠳᠠᠯ ᠤᠨ ᠠᠵᠢᠯ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠳᠤ ᠲᠠᠶᠢᠯᠤᠮᠵᠢ ᠬᠢᠵᠦ᠂ ᠭᠠᠴᠠᠭᠠᠨ ᠤ ᠮᠠᠯᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠤᠯᠠᠮ ᠨᠢᠭᠡ ᠠᠯᠬᠤᠮ ᠪᠠᠲᠤᠯᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号