ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠡᠭ ᠪᠠᠶᠢᠷᠢ ᠶᠢᠨ 31 ᠲᠥᠷᠥᠯ ᠵᠦᠢᠯ ᠡᠬᠢᠯᠡᠨ ᠬᠡᠷᠡᠭᠵᠢᠭᠦᠯᠦᠭᠳᠡᠪᠡ
ᠨᠡᠶᠢᠲᠡᠯᠡᠭᠰᠡᠨ ᠴᠠᠭ᠄
2024/8/23
   ᠡᠨᠡ ᠵᠢᠯ ᠠᠴᠠ ᠨᠠᠭᠠᠰᠢ᠂ ᠮᠠᠨ ᠤ ᠣᠷᠣᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠪᠰᠢᠭᠦᠯᠬᠦ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠤᠷᠢᠳᠴᠢᠯᠠᠨ ᠪᠠᠶᠢᠷᠢᠰᠢᠭᠤᠯᠬᠤ ᠶᠢᠨ ᠲᠣᠭᠤᠷᠢᠨ ᠳᠤ᠂ ᠠᠩᠬᠠᠳᠠᠭᠴᠢ ᠪᠦᠯᠦᠭ ᠤᠨ ᠡᠨᠧᠷᠭᠢ ᠨᠥᠭᠡᠴᠡᠯᠡᠬᠦ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ᠂ ᠬᠤᠪᠣᠷ ᠰᠢᠷᠣᠢ᠂ ᠣᠨᠴᠠᠯᠢᠭᠲᠤ ᠰᠦ ᠶᠢᠨ ᠦᠢᠯᠡᠰ᠂ ᠤᠰᠤᠲᠥ᠋ᠷᠥᠭᠴᠢ ᠡᠨᠧᠷᠭᠢ ᠪᠠ ᠠᠭᠠᠷ ᠣᠭᠲᠠᠷᠭᠤᠢ ᠶᠢᠨ ᠰᠤᠨᠳᠠᠯᠠᠭᠰᠠᠨ ᠬᠡᠮᠵᠢᠭᠦᠷ ᠢᠶᠠᠷ ᠬᠡᠮᠵᠢᠬᠦ ᠦᠨᠳᠦᠰᠦᠨ ᠪᠠᠷᠢᠮᠵᠢᠶᠠᠨ ᠤ ᠲᠣᠮᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ︽4 + 1︾ ᠴᠡᠭ ᠪᠠᠶᠢᠷᠢ ᠶᠢᠨ ᠪᠠᠶᠢᠷᠢᠰᠢᠭᠤᠯᠤᠯᠲᠠ ᠶᠢ ᠪᠣᠶ ᠪᠣᠯᠭᠠᠵᠤ᠂ ᠲᠡᠷᠢᠭᠦᠨ ᠲᠠᠰ ᠤᠨ ᠮᠡᠷᠭᠡᠵᠢᠯᠲᠡᠳ ᠤᠨ ᠪᠦᠯᠬᠦᠮ ᠢ ᠣᠷᠣᠭᠤᠯᠤᠨ ᠠᠪᠴᠢᠷᠠᠵᠤ᠂ ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ᠂ ᠬᠠᠨᠳᠤᠯᠭ᠎ᠠ ᠲᠠᠢ ᠪᠠᠷ ᠨᠠᠶᠢᠳᠠᠬᠤ ᠵᠡᠷᠭᠡ ᠠᠷᠭ᠎ᠠ ᠬᠡᠯᠪᠡᠷᠢ ᠪᠠᠷ 36 ᠵᠦᠢᠯ ᠤᠨ ᠴᠢᠬᠤᠯᠠ ᠶᠡᠭᠡ ᠰᠢᠪᠲᠤᠯᠤᠯᠲᠠ ᠶᠢᠨ ᠡᠭᠦᠷᠭᠡ ᠶᠢ ᠪᠦᠬᠦᠨ ᠢᠶᠠᠷ ᠨᠢ ᠡᠬᠢᠯᠡᠭᠦᠯᠵᠦ᠂ ᠬᠡᠰᠡᠭ ᠴᠡᠭ ᠪᠠᠶᠢᠷᠢ ᠪᠠᠷ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠦᠬᠦᠯᠢ ᠴᠣᠭᠴᠠ ᠪᠠᠷ ᠢᠶᠠᠨ ᠳᠡᠭᠡᠭᠰᠢᠯᠡᠬᠦ ᠶᠢ   ᠨᠢ ᠳᠠᠶᠢᠴᠢᠯᠠᠵᠠᠢ᠃ ᠣᠲᠣ ᠪᠣᠯᠲᠠᠯ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠡᠭ ᠪᠠᠶᠢᠷᠢ ᠶᠢᠨ 31 ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 26.77 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠡᠯᠡ ᠣᠷᠣᠭᠤᠯᠤᠯᠲᠠ 4.65 ᠳ᠋ᠦᠩᠰᠢᠭᠤᠷ ᠲᠥᠭᠦᠷᠢᠭ ᠪᠠᠶᠢᠵᠤ᠂ ᠤᠯᠤᠰ ᠤᠨ ᠵᠠᠷᠤᠳᠠᠯ ᠤᠨ ᠳᠡᠮᠵᠢᠯᠭᠡ ᠶᠢ 0.8 ᠳ᠋ᠦᠩᠰᠢᠭᠤᠷ ᠲᠥᠭᠦᠷᠢᠭ ᠣᠯᠵᠠᠢ᠂ ᠠᠶᠢᠮᠠᠭ ᠬᠤᠲᠠ ᠪᠠ ᠠᠵᠤ ᠠᠬᠤᠶᠢᠯᠠᠯ ᠤᠳ ᠢ ᠬᠥᠲᠥᠯᠥᠨ ᠵᠢᠯᠤᠭᠤᠳᠴᠤ ᠪᠠᠶᠢᠭᠠᠳ 21.32 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠪᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶  
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号