ᠮᠠᠨ ᠤ ᠠᠶᠢᠮᠠᠭ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ ︽ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠢ ᠠᠭᠤᠰᠤᠯᠴᠠᠭᠤᠯᠬᠤ︾ ᠵᠠᠭᠪᠤᠷ ᠢ ᠡᠭᠦᠳᠪᠡ
ᠨᠡᠶᠢᠲᠡᠯᠡᠭᠰᠡᠨ ᠴᠠᠭ᠄
2024/8/23
    ᠣᠶᠢᠷ᠎ᠠ ᠶᠢᠨ ᠵᠢᠯ᠂ ᠮᠠᠨ ᠤ ᠠᠶᠢᠮᠠᠭ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠵᠢᠯ ᠦᠢᠯᠡᠰ ᠢ ᠲᠠᠰᠤᠷᠠᠯᠲᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠬᠢᠭᠡᠳ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠵᠡᠷᠭᠡᠪᠡᠷ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ᠂ ︽ᠪᠡᠶ᠎ᠡ ᠶᠢᠨ ᠲᠠᠮᠢᠷ ᠤᠨ ᠦᠢᠯᠡᠴᠢᠯᠡᠭᠡ︾ ᠶᠢ ᠣᠯᠠᠨ ᠲᠦᠮᠡᠨ ᠤ ︽ᠡᠷᠡᠭᠦᠯ ᠮᠡᠨᠳᠦ ᠶᠢᠨ ᠨᠠᠷᠢᠨ ᠲᠠᠩᠰᠠ︾ ᠳᠤ ᠣᠷᠣᠭᠤᠯᠵᠤ᠂ ︽ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠢ ᠠᠭᠤᠰᠤᠯᠴᠠᠭᠤᠯᠬᠤ︾ ᠵᠠᠭᠪᠤᠷ ᠢ ᠡᠭᠦᠳᠦᠨ᠂ ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ ᠬᠤᠰᠢᠭᠤ ᠰᠢᠶᠠᠨ ᠤ ᠱᠠᠲᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠪᠦᠷᠬᠦᠴᠡ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠦᠷᠬᠦᠴᠡ ᠴᠣᠮ 100% ᠭᠦᠷᠪᠡ᠃ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠲᠠᠯᠠᠪᠠᠶ 342.5835 ᠲᠦᠮᠡᠨ ᠬᠠᠪᠲᠠᠭᠠᠢ ᠳᠥᠷᠪᠡᠯᠵᠢᠨ   ᠮᠧᠲᠷ ᠬᠦᠷᠴᠦ᠂ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ 3.06 ᠬᠠᠪᠲᠠᠭᠠᠢ ᠳᠥᠷᠪᠡᠯᠵᠢᠨ  ᠮᠧᠲᠷ ᠬᠦ᠋ᠷᠴᠦ᠂ ᠬᠠᠷᠠᠯᠲᠠ ᠡᠭᠦᠷᠭᠡ ᠠᠴᠠ 0.86 ᠬᠠᠪᠲᠠᠭᠠᠢ ᠳᠥᠷᠪᠡᠯᠵᠢᠨ   ᠮᠧᠲᠷ ᠳᠠᠪᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠪᠠ᠃          ᠣᠶᠢᠷ᠎ᠠ ᠶᠢᠨ ᠵᠢᠯ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠨᠡᠮᠡᠭᠳᠡᠭᠦᠯᠵᠦ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾  ᠢ ᠪᠠᠶᠢᠭᠤᠯᠵᠤ᠂ ᠣᠯᠠᠨ ᠲᠦᠮᠡᠨᠴᠢ ᠬᠥᠳᠡᠯᠭᠡᠭᠡᠨ ᠬᠢᠬᠦ ᠳᠤ ᠳᠥᠭᠦᠮ ᠪᠣᠯᠭᠠᠪᠠ᠃          ᠡᠭᠦᠨ ᠠᠴᠠ ᠭᠠᠳᠠᠨ᠎ᠠ᠂ ᠠᠶᠢᠮᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠬᠤ ᠲᠥᠪ  ᠰᠢᠯᠢ ᠶᠢᠨ ᠬᠤᠳᠠ ᠶᠢᠨ ᠪᠡᠶ᠎ᠡ ᠶᠢᠨ ᠲᠠᠮᠢᠷ ᠤᠨ ᠣᠷᠳᠣᠨ᠂ ᠠᠪᠠᠭ᠎ᠠ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠵᠡᠷᠭᠡ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠵᠦ ᠪᠠᠶᠢᠭ᠎ᠠ 17 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠦᠨ᠎ᠡ ᠲᠥᠯᠥᠪᠦᠷᠢ ᠦᠭᠡᠢ ᠪᠤᠶᠤ ᠬᠢᠮᠳᠠ ᠰᠦᠢᠳᠬᠡᠯ ᠢᠶᠠᠷ ᠨᠡᠶᠢᠭᠡᠮ ᠨᠡᠶᠢᠲᠡ ᠳᠤ ᠨᠡᠭᠡᠭᠡᠪᠡ᠃ 2024 ᠣᠨ ᠳᠤ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠯ ᠤᠨ ᠳᠣᠲᠣᠷ᠎ᠠ ᠨᠥᠬᠦᠪᠦᠷᠢ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠭᠰᠠᠨ 25 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠨᠡᠶᠢᠭᠡᠮ ᠨᠡᠶᠢᠲᠡ ᠳᠤ ᠦᠨ᠎ᠡ ᠲᠥᠯᠥᠪᠦᠷᠢ ᠦᠭᠡᠢ ᠪᠤᠶᠤ ᠬᠢᠮᠳᠠ ᠰᠦᠢᠳᠬᠡᠯ ᠢᠶᠠᠷ ᠨᠡᠭᠡᠭᠡᠪᠡ᠃           2023 ᠣᠨ ᠠᠴᠠ ᠨᠠᠭᠠᠰᠢ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠯ᠎ᠡ ᠭᠠᠵᠠᠷ ᠤᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠤᠨ᠂ ᠪᠥᠬᠦ ᠠᠶᠢᠮᠠᠭ ᠤᠨ ᠠᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠠᠷᠪᠠᠨ ᠵᠢᠷᠭᠤᠳᠤᠭᠠᠷ ᠬᠤᠭᠤᠴᠠᠭᠠᠨ ᠤ ᠪᠦᠭᠡ ᠶᠢᠨ ᠴᠣᠯᠠ ᠣᠯᠭᠤᠬᠤ ᠨᠠᠶᠢᠷ᠂ ᠠᠷᠪᠠᠨ ᠭᠤᠷᠪᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠫᠢᠩᠫᠠᠩ ᠪᠥᠮᠪᠦᠭᠡ ᠴᠢᠴᠢᠭᠦᠷ ᠪᠥᠮᠪᠦᠭᠡ ᠶᠢᠨ ᠠᠵᠢᠯᠯᠠᠭ᠎ᠠ ᠵᠡᠷᠭᠡ ᠣᠯᠠᠨ ᠶᠠᠩᠵᠤ ᠶᠢᠨ ᠤᠷᠤᠯᠳᠤᠭᠠᠨ ᠥᠷᠨᠢᠭᠦᠯᠵᠦ᠂ ᠪᠥᠬᠦ ᠠᠶᠢᠮᠠᠭ ᠤᠨ 2600 ᠭᠠᠷᠤᠢ ᠬᠥᠮᠥᠨ ᠢ ᠣᠷᠣᠯᠴᠠᠭᠤᠯᠪᠠ᠃ ᠡᠭᠦᠨ ᠤ ᠬᠠᠮᠲᠤ᠂ ᠪᠥᠬᠦ ᠤᠯᠤᠰ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠤᠰᠬᠠᠯ ᠳᠤ ᠢᠳᠡᠪᠬᠢᠲᠡᠢ ᠠᠭᠤᠰᠤᠯᠴᠠᠵᠤ᠂ ᠣᠯᠠᠨ ᠵᠦᠢᠯ ᠤᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠷᠤᠯᠳᠤᠭᠠᠨ ᠤ ᠠᠵᠢᠯᠯᠠᠭ᠎ᠠ ᠳᠤ ᠪᠦᠯᠬᠦᠮ ᠵᠣᠬᠢᠶᠠᠨ ᠪᠠᠶᠢᠭᠤᠯᠤᠨ ᠣᠷᠣᠯᠴᠠᠭᠤᠯᠪᠠ᠃ 2023 ᠣᠨ ᠤ ᠡᠴᠦᠰ ᠪᠣᠯᠲᠠᠯ᠎ᠠ᠂ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠰᠠᠨ ᠬᠥᠮᠥᠨ ᠤ ᠲᠤᠭ᠎ᠠ ᠶᠢᠨ ᠬᠠᠷᠢᠴᠠᠯ 38.7% ᠬᠦᠷᠴᠦ᠂ ᠬᠠᠷᠠᠯᠲᠠ ᠡᠭᠦᠷᠭᠡ ᠠᠴᠠ 0.2% ᠢᠶᠠᠷ ᠳᠠᠪᠠᠵᠤ᠂ ᠪᠥᠬᠦ ᠤᠯᠤᠰ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠭᠰᠠᠨ ᠪᠠᠶᠢᠨ᠎ᠠ᠃          ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢᠨ ᠬᠥᠳᠡᠯᠭᠡᠭᠡᠨ ᠳᠤ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠵᠤ᠂ ᠡᠯ᠎ᠡ ᠲᠥᠷᠥᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠠᠵᠢᠯ ᠤᠨ ᠪᠣᠯᠪᠠᠰᠤᠷᠠᠯ ᠢ ᠢᠳᠡᠪᠬᠢᠲᠡᠢ ᠥᠷᠨᠢᠭᠦᠯᠪᠡ᠃ ᠨᠢᠳᠤᠨᠤᠨ ᠪᠥᠬᠦ ᠠᠶᠢᠮᠠᠭ ᠤᠨ 1717 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠳᠤ ᠪᠣᠯᠪᠠᠰᠤᠷᠠᠯ ᠬᠦᠷᠲᠡᠭᠡᠵᠦ᠂ ᠪᠦᠭᠦ ᠠᠶᠢᠮᠠᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ 5000 ᠬᠥᠮᠥᠨ ᠢ ᠳᠠᠪᠠᠵᠤ᠂ ᠬᠥᠯ ᠪᠥᠮᠪᠦᠭᠡ ᠠᠯᠠᠭᠠᠳᠠᠬᠤ ᠪᠥᠮᠪᠦᠭᠡ ᠰᠠᠭᠰᠤᠨ ᠪᠥᠮᠪᠦᠭᠡ᠂ ᠫᠢᠩᠫᠠᠩ ᠪᠥᠮᠪᠦᠭᠡ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠠᠭᠤᠳᠠᠮ ᠲᠠᠯᠠᠪᠠᠶ ᠶᠢᠨ ᠪᠥᠵᠢᠭ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠢ ᠬᠠᠮᠤᠷᠪᠠ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号