ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ | ᠠᠶᠢᠮᠠᠭ ᠤᠨ ᠬᠤᠯᠪᠣᠭᠳᠠᠯ ᠪᠦᠬᠦᠢ ᠨᠢᠭᠡᠴᠡ ᠳᠤ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠰᠢᠯᠢ ᠶᠢᠨ ᠭᠤᠣᠯ | ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ ᠭᠠᠵᠠᠷ ᠵᠦᠢ ᠶᠢᠨ | ᠢᠯᠡᠷᠬᠡᠶᠢᠯᠡᠯᠲᠦ ᠲᠠᠸᠠᠷ ᠤᠨ ᠲᠡᠮᠳᠡᠭ ᠲᠤ ᠡᠷᠬᠡ ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ | ᠵᠠᠬᠢᠷᠭ᠎ᠠ ᠶᠢᠨ 2024 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2024 ᠣᠨ ᠤ 1 ᠳ᠋ᠤᠭᠠᠷ ᠰᠠᠷ᠎ᠠ ᠶᠢᠨ 15 ᠤ ᠡᠳᠦᠷ | ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ | ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠲᠤ ᠡᠷᠬᠡ ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ | ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ︵ᠳᠣᠷᠣᠭᠰᠢ ︽ᠰᠢᠯᠢ ᠶᠢᠨ ᠭᠤᠣᠯ | ᠴᠠᠭᠠᠨ ᠢᠳᠡᠭᠡᠨ ᠤ ᠨᠠᠷᠠᠲᠤ ᠲᠡᠮᠳᠡᠭ︾ ᠭᠡᠵᠦ ᠲᠣᠪᠴᠢᠯᠠᠨ᠎ᠠ︶ ᠤᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ | ᠨᠠᠷᠠᠲᠤ ᠲᠡᠮᠳᠡᠭ ᠤᠨ ᠨᠡᠷ᠎ᠡ ᠬᠦᠨᠳᠦ ᠪᠠ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠂ ᠨᠠᠷᠠᠲᠤ ᠲᠡᠮᠳᠡᠭ ᠲᠤ ᠡᠷᠬᠡ | ᠣᠯᠭᠤᠨ ᠬᠡᠷᠡᠭᠯᠡᠭᠦᠯᠬᠦ ᠶᠢ ᠵᠢᠷᠤᠮᠵᠢᠭᠤᠯᠵᠤ᠂ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠢ ᠦᠨᠡᠨᠬᠦ | ᠪᠠᠲᠤᠯᠠᠵᠤ᠂ ᠦᠢᠯᠡᠳᠪᠦᠷᠢᠯᠡᠭᠴᠢ᠂ ᠬᠡᠷᠡᠭᠯᠡᠭᠴᠢ᠂ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ | ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ ᠬᠡᠷᠡᠭᠵᠢᠭᠦᠯᠬᠦ | ᠳᠦᠷᠢᠮ︾᠂ ︽ᠬᠠᠮᠲᠤ ᠨᠡᠶᠢᠲᠡ ᠶᠢᠨ ᠲᠠᠸᠠᠷ ᠤᠨ ᠲᠡᠮᠳᠡᠭ᠂ ᠭᠡᠷᠡᠴᠢᠯᠡᠬᠦ ᠲᠠᠸᠠᠷ ᠤᠨ ᠲᠡᠮᠳᠡᠭ ᠢ ᠳᠠᠩᠰᠠᠯᠠᠬᠤ ᠪᠠ | ᠬᠠᠮᠢᠶᠠᠷᠬᠤ ᠠᠷᠭ᠎ᠠ︾᠂ ︽ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠳᠦᠷᠢᠮ ᠲᠣᠭᠲᠠᠭᠠᠯ ᠢ ᠦᠨᠳᠦᠰᠦᠯᠡᠨ᠂ ︽ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ︾ ᠲᠠᠢ ᠤᠶᠠᠯᠳᠤᠭᠤᠯᠵᠤ᠂ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠪᠣᠯ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠠᠴᠠ ᠳᠤᠷᠠᠳᠤᠭᠰᠠᠨ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠪᠠᠷ | ᠵᠣᠷᠢᠯᠭ᠎ᠠ ᠪᠣᠯᠭᠠᠭᠰᠠᠨ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠪᠣᠯᠣᠨ᠎ᠠ᠃ | ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠪᠠᠭᠲᠠᠨ᠎ᠠ᠂ ᠡᠭᠦᠨ ᠳᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠦᠲᠦᠭᠡᠭᠳᠡᠬᠦᠨ ᠢ ᠤᠯᠠᠮᠵᠢᠯᠠᠯᠲᠤ ᠰᠢᠯᠢ ᠶᠢᠨ ᠭᠤᠣᠯ | ᠴᠠᠭᠠᠨ ᠢᠳᠡᠭᠡᠨ ᠤ ᠪᠦᠲᠦᠭᠡᠭᠳᠡᠬᠦᠨ ᠪᠠ ᠰᠢᠯᠢ ᠶᠢᠨ ᠭᠤᠣᠯ ᠴᠠᠭᠠᠨ ᠢᠳᠡᠭᠡᠨ ᠤ ᠪᠦᠲᠦᠭᠡᠭᠳᠡᠬᠦᠨ ᠭᠡᠵᠦ | ᠬᠤᠪᠢᠶᠠᠨ᠎ᠠ᠂ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠤᠨ ᠪᠦᠲᠦᠭᠡᠭᠳᠡᠬᠦᠨ ᠳᠤ ᠬᠤᠷᠤᠳ᠂ ᠴᠤᠷ᠎ᠠ᠂ | ᠪᠢᠰᠢᠯᠠᠭ᠂ ᠠᠭᠠᠷᠴᠠ ᠵᠡᠷᠭᠡ 4 ᠵᠦᠢᠯ ᠤᠨ ᠤᠯᠠᠮᠵᠢᠯᠠᠯᠲᠤ ᠪᠦᠲᠦᠭᠡᠭᠳᠡᠬᠦᠨ ᠵᠢᠴᠢ ᠲᠡᠭᠦᠨ ᠠᠴᠠ ᠤᠯᠠᠷᠢᠭᠰᠠᠨ | ᠪᠠᠶᠢᠭᠠᠯᠢᠯᠢᠭ ᠪᠦᠲᠦᠭᠡᠭᠳᠡᠬᠦᠨ ᠪᠠᠭᠲᠠᠨ᠎ᠠ᠃ | ᠭᠤᠷᠪᠠᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠡᠷᠬᠡ ᠣᠯᠭᠤᠬᠤ | ᠲᠡᠮᠳᠡᠭ ᠲᠤ ᠭᠤᠣᠯᠳᠠᠭᠤ᠄ ᠰᠢᠯᠢ ᠶᠢᠨ ᠭᠤᠣᠯ ᠴᠠᠭᠠᠨ ᠢᠳᠡᠭᠡᠨ ᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ | ᠲᠡᠮᠳᠡᠭ᠂ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭᠲᠦ ᠶᠢᠨ ᠳᠦᠷᠢ ᠲᠥᠷᠬᠦ ᠶᠢᠨ ᠲᠡᠮᠳᠡᠭ᠂ ᠰᠢᠯᠢ ᠶᠢᠨ ᠭᠤᠣᠯ ᠴᠠᠭᠠᠨ ᠢᠳᠡᠭᠡᠨ ᠤ ᠡᠩ ᠤᠨ ᠲᠠᠸᠠᠷ ᠤᠨ | ᠲᠡᠮᠳᠡᠭ ᠵᠢᠴᠢ ᠬᠠᠮᠢᠶ᠎ᠠ ᠪᠦᠬᠦᠢ ᠵᠣᠬᠢᠶᠠᠨ ᠪᠦᠲᠦᠭᠡᠬᠦ ᠡᠷᠬᠡ ᠶᠢᠨ ᠵᠢᠷᠤᠭ ᠲᠡᠮᠳᠡᠭ ᠪᠠᠭᠲᠠᠨ᠎ᠠ᠃ | ᠳᠥᠷᠪᠡᠳᠦᠭᠡᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠤᠬᠠᠭᠤᠯᠭ᠎ᠠ ᠶᠢᠨ | ᠲᠡᠮᠳᠡᠭ ᠲᠤ ᠭᠤᠣᠯᠳᠠᠭᠤ᠄ ᠰᠢᠯᠢ ᠶᠢᠨ ᠭᠤᠣᠯ ᠴᠠᠭᠠᠨ ᠢᠳᠡᠭᠡᠨ ᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ | ᠲᠡᠮᠳᠡᠭ ᠤᠨ ᠥᠯᠢᠭᠡᠷ ᠵᠢᠷᠤᠭ᠂ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢᠨ ᠲᠡᠮᠳᠡᠭ᠂ ᠰᠢᠯᠢ ᠶᠢᠨ ᠭᠤᠣᠯ ᠴᠠᠭᠠᠨ ᠢᠳᠡᠭᠡᠨ ᠤ | ᠨᠠᠷᠠᠲᠤ ᠲᠡᠮᠳᠡᠭ ᠤᠨ ᠤᠷᠢᠶ᠎ᠠ᠂ ᠡᠯ᠎ᠡ ᠲᠥᠷᠥᠯ ᠤᠨ ᠪᠣᠭᠤᠳᠠᠯ ᠪᠠᠭᠯᠠᠭ᠎ᠠ ᠶᠢᠨ ᠡᠳ᠋᠂ ᠡᠯ᠎ᠡ ᠲᠥᠷᠥᠯ ᠤᠨ | ᠤᠬᠠᠭᠤᠯᠭ᠎ᠠ ᠶᠢᠨ ᠵᠦᠢᠯ ᠵᠢᠴᠢ ᠰᠣᠶᠣᠯ ᠤᠨ ᠡᠭᠦᠳᠦᠨ ᠪᠦᠲᠦᠭᠡᠯᠲᠡ ᠶᠢᠨ ᠪᠦᠲᠦᠭᠡᠭᠳᠡᠬᠦᠨ᠂ ᠡᠯ᠎ᠡ ᠲᠥᠷᠥᠯ ᠤᠨ | ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠵᠢᠴᠢ ᠳᠡᠯᠭᠡᠭᠦᠷ ᠤᠨ ᠵᠠᠷ ᠰᠣᠷᠳᠠᠯᠴᠢᠯᠠᠭ᠎ᠠ ᠵᠡᠷᠭᠡ ᠪᠠᠭᠲᠠᠨ᠎ᠠ᠃ | ᠲᠠᠪᠤᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ᠂ | ᠡᠵᠡᠩᠨᠡᠯᠲᠡ ᠶᠢᠨ ᠴᠢᠬᠤᠯᠠ ᠶᠡᠭᠡ ᠵᠦᠢᠯᠡᠰ ᠢ ᠠᠶᠢᠮᠠᠭ ᠤᠨ ᠵᠠᠬᠢᠷᠭ᠎ᠠ ᠠᠴᠠ ᠰᠤᠳᠤᠯᠤᠨ ᠲᠣᠭᠲᠠᠭᠠᠨ᠎ᠠ︔ ᠠᠶᠢᠮᠠᠭ ᠤᠨ | ᠨᠡᠷ᠎ᠡ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠲᠥᠪ ᠨᠢ ᠠᠶᠢᠮᠠᠭ ᠤᠨ ᠵᠠᠬᠢᠷᠭ᠎ᠠ ᠠᠴᠠ ᠡᠷᠬᠡ ᠣᠯᠭᠤᠭᠰᠠᠨ | ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠬᠤ ᠶᠢᠨ ᠬᠠᠮᠲᠤ | ᠠᠶᠢᠮᠠᠭ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ︵ᠬᠠᠮᠲᠤᠷᠠᠭᠰᠠᠨ ᠬᠤᠷᠠᠯ︶ ᠤᠨ | ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠶᠢᠮᠠᠭ ᠤᠨ ᠨᠡᠶᠢᠭᠡᠮᠯᠢᠭ ᠨᠢ ᠵᠠᠬᠢᠷᠭ᠎ᠠ ᠠᠴᠠ ᠡᠷᠬᠡ | ᠣᠯᠭᠤᠭᠰᠠᠨ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ᠂ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠤᠨ ᠡᠵᠡᠮᠰᠢᠭᠴᠢ ᠪᠣᠯᠤᠭᠰᠠᠨ ᠤ ᠬᠤᠪᠢ ᠳᠤ᠂ ᠬᠠᠮᠲᠤᠷᠠᠭᠰᠠᠨ ᠬᠤᠷᠠᠯ ᠤᠨ ᠪᠤᠰᠤᠳ | ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠯᠦᠭᠡ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ | ᠡᠷᠬᠡ ᠣᠯᠭᠤᠭᠰᠠᠨ ᠭᠤᠣᠯ ᠴᠣᠭᠴᠠ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ | ᠬᠠᠩᠭᠠᠨ᠎ᠠ᠃ | ᠲᠣᠰ ᠠᠷᠭ᠎ᠠ ᠳᠤ ᠭᠤᠣᠯᠳᠠᠭᠤ ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠳᠠᠬᠢ ᠴᠠᠭᠠᠨ ᠢᠳᠡᠭᠡᠨ | ᠦᠢᠯᠡᠳᠪᠦᠷᠢᠯᠡᠬᠦ ᠠᠵᠤ ᠠᠬᠤᠶᠢᠯᠠᠯ ᠪᠠ ᠵᠢᠵᠢᠭ ᠦᠢᠯᠡᠳᠬᠡᠯ ᠤᠨ ᠭᠠᠵᠠᠷ ᠤᠨ ᠰᠢᠯᠢ ᠶᠢᠨ ᠭᠤᠣᠯ ᠴᠠᠭᠠᠨ ᠢᠳᠡᠭᠡᠨ | ᠤ ᠨᠠᠷᠠᠲᠤ ᠲᠡᠮᠳᠡᠭ ᠢ ᠭᠤᠶᠤᠴᠢᠯᠠᠨ ᠬᠡᠷᠡᠭᠯᠡᠬᠦ ᠬᠠᠮᠢᠶ᠎ᠠ ᠪᠦᠬᠦᠢ ᠠᠭᠤᠯᠭ᠎ᠠ ᠶᠢ ᠲᠣᠭᠲᠠᠭᠠᠵᠤ᠂ ᠪᠤᠰᠤᠳ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠤᠯᠠᠭᠤᠯᠭ᠎ᠠ ᠶᠢᠨ ᠭᠤᠣᠯ ᠴᠣᠭᠴᠠ ᠳᠤ ᠴᠢᠭᠯᠡᠭᠦᠯᠦᠨ᠂ | ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠠᠶᠢᠮᠠᠭ ᠤᠨ ᠵᠠᠬᠢᠷᠭ᠎ᠠ ᠳᠤ ᠳᠡᠪᠰᠢᠭᠦᠯᠵᠦ ᠰᠤᠳᠤᠯᠤᠨ | ᠬᠢᠨᠠᠭᠤᠯᠤᠨ᠎ᠠ᠃ | ᠵᠢᠷᠭᠤᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠡᠷᠬᠡ ᠣᠯᠭᠤᠬᠤ | ᠬᠠᠮᠢᠶᠠᠷᠤᠯᠲᠠ ᠳᠤ ᠳᠣᠣᠷᠠᠬᠢ ᠵᠠᠷᠴᠢᠮ ᠢ ᠪᠠᠷᠢᠮᠲᠠᠯᠠᠨ᠎ᠠ᠄ | ︵ᠨᠢᠭᠡ︶ ᠠᠶᠢᠮᠠᠭ ᠤᠨ ᠵᠠᠬᠢᠷᠭ᠎ᠠ ᠭᠤᠣᠯᠯᠠᠨ ᠵᠢᠯᠤᠭᠤᠳᠴᠤ᠂ ᠰᠠᠶᠢᠨ ᠳᠤᠷ᠎ᠠ ᠠᠴᠠ ᠪᠠᠨ ᠭᠤᠶᠤᠴᠢᠯᠠᠨ᠎ᠠ᠃ | ︵ᠬᠤᠶᠠᠷ︶ ᠤᠷᠢᠳᠠᠪᠠᠷ ᠲᠤᠷᠰᠢᠯᠲᠠ ᠬᠢᠵᠦ᠂ ᠠᠯᠬᠤᠮ ᠠᠯᠬᠤᠮ ᠢᠶᠠᠷ ᠬᠡᠪᠴᠢᠶ᠎ᠡ ᠪᠠᠨ ᠥᠷᠭᠡᠳᠬᠡᠨ᠂ ᠰᠢᠯᠢᠳᠡᠭ ᠢ | ᠨᠢ ᠰᠣᠩᠭᠤᠵᠤ᠂ ᠬᠥᠳᠡᠯᠦᠩᠭᠦᠢ ᠪᠠᠷ ᠲᠣᠬᠢᠷᠠᠭᠤᠯᠤᠨ᠎ᠠ᠃ | ︵ᠭᠤᠷᠪᠠ︶ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ ᠪᠠᠶᠢᠬᠤ ᠶᠢ ᠪᠠᠷᠢᠮᠲᠠᠯᠠᠨ᠎ᠠ᠃ | ᠳᠣᠯᠣᠳᠤᠭᠠᠷ ᠵᠦᠢᠯ ᠨᠡᠷᠡᠲᠦ ᠲᠡᠮᠳᠡᠭ ᠤᠨ ᠬᠠᠮᠢᠶᠠᠷᠤᠯᠲᠠ ᠯᠤᠭ᠎ᠠ ᠬᠤᠯᠪᠣᠭᠳᠠᠬᠤ ᠬᠠᠷᠢᠭᠤᠴᠠᠯᠭ᠎ᠠ ᠶᠢᠨ ᠭᠤᠣᠯ | ᠴᠣᠭᠴᠠ ᠨᠤᠭᠤᠳ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠨ᠂ ᠡᠯᠪᠡᠭ ᠪᠠᠶᠠᠯᠢᠭ ᠮᠥᠷᠲᠡᠭᠡᠨ ᠥᠨᠢ ᠤᠳᠠᠭᠠᠨ ᠲᠡᠦᠬᠡ ᠰᠣᠶᠣᠯ ᠤᠨ | ᠬᠤᠷᠠᠮᠳᠤᠯ ᠢᠶᠠᠨ ᠤᠯᠠᠮᠵᠢᠯᠠᠨ ᠵᠠᠯᠭᠠᠮᠵᠢᠯᠠᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ ᠢ ᠵᠡᠷᠭᠡ ᠳᠤᠨᠢ ᠳᠡᠭᠡᠭᠰᠢᠯᠡᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠣᠨᠴᠠᠯᠢᠭ ᠰᠢᠨᠵᠢ | ᠨᠠᠢᠮᠠᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠭᠠᠷᠤᠯᠲᠠ ᠶᠢᠨ ᠣᠷᠣᠨ ᠤ ᠬᠡᠪᠴᠢᠶᠡᠨ ᠳᠤ | ᠰᠢᠯᠢ ᠶᠢᠨ ᠭᠤᠣᠯ ᠠᠶᠢᠮᠠᠭ ᠤᠨ ᠪᠦᠬᠦ ᠭᠠᠵᠠᠷ ᠣᠷᠣᠨ ᠬᠠᠷᠢᠶᠠᠯᠠᠭᠳᠠᠵᠤ᠂ ᠡᠭᠦᠨ ᠳᠤ ᠬᠠᠷᠢᠶᠠᠨ ᠳᠠᠬᠢ ᠡᠷᠢᠶᠡᠨ | ᠬᠤᠲᠠ᠂ ᠰᠢᠯᠢ ᠶᠢᠨ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ | ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ | ᠬᠥᠪᠡᠭᠡᠲᠦ ᠴᠠᠭᠠᠨ ᠬᠤᠰᠢᠭᠤ᠂ ᠲᠠᠶᠢᠹᠣᠰᠧ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨ ᠨᠣᠣᠷ ᠰᠢᠶᠠᠨ᠂ | ᠤᠯᠠᠭᠠᠢ ᠬᠠᠮᠢᠶᠠᠷᠤᠯᠲᠠ ᠶᠢᠨ ᠣᠷᠣᠨ ᠵᠡᠷᠭᠡ ᠠᠷᠪᠠᠨ ᠬᠤᠶᠠᠷ ᠬᠤᠰᠢᠭᠤ ᠰᠢᠶᠠᠨ ᠬᠤᠲᠠ ᠪᠠ ᠨᠢᠭᠡ | ᠬᠠᠮᠢᠶᠠᠷᠤᠯᠲᠠ ᠶᠢᠨ ᠣᠷᠣᠨ ᠵᠢᠴᠢ ᠬᠠᠷᠢᠶᠠᠨ ᠳᠠᠬᠢ ᠡᠯ᠎ᠡ ᠰᠤᠮᠤ ᠪᠠᠯᠭᠠᠰᠤ ︵ᠲᠠᠯᠠᠪᠠᠶ︶ ᠪᠠᠭᠲᠠᠨ᠎ᠠ᠃ | ᠶᠢᠰᠦᠳᠦᠭᠡᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ ᠴᠢᠨᠠᠷ ᠰᠠᠶᠢᠲᠠᠢ ᠰᠢᠨ᠎ᠡ ᠰᠣᠷᠭᠤᠭ ᠰᠦ ᠠᠴᠠ ᠢᠷᠡᠯᠲᠡ ᠲᠠᠢ ᠪᠠᠶᠢᠵᠤ ᠂ ᠰᠢᠯᠢ ᠶᠢᠨ | ᠭᠤᠣᠯ ᠤᠨ ᠲᠠᠯ᠎ᠠ ᠨᠤᠲᠤᠭ ᠲᠤ ᠯᠠ ᠣᠨᠴᠠ ᠪᠠᠶᠢᠳᠠᠭ ᠠᠶᠠᠨᠳᠠᠭᠠᠨ ᠡᠭᠡᠳᠡᠭᠦᠯᠵᠦ ᠦᠢᠯᠡᠳᠦᠭᠰᠡᠨ ᠶᠤᠮ᠃ ᠰᠢᠨ᠎ᠡ | ᠰᠣᠷᠭᠤᠭ ᠦᠨᠦᠷ ᠠᠮᠲᠠ ᠲᠠᠢ ᠪᠠᠶᠢᠵᠤ᠂ ᠨᠢᠭᠡ ᠵᠦᠢᠯ ᠤᠨ ᠤᠭᠤᠷᠠᠭ ᠥᠨᠳᠥᠷ᠂ ᠺᠠᠯᠼ ᠥᠨᠳᠥᠷ ᠵᠢᠴᠢ ᠶᠡᠭᠡ | ᠬᠡᠮᠵᠢᠶᠡᠨ ᠤ ᠪᠢᠴᠢᠯ ᠡᠯᠧᠮᠧᠨ᠋ᠲ ᠡᠯᠪᠡᠭ ᠠᠭᠤᠯᠤᠭᠰᠠᠨ ᠢᠰᠬᠡᠭᠰᠡᠨ ᠰᠦᠨ ᠤ ᠲᠥᠷᠥᠯ ᠤᠨ ᠢᠳᠡᠭᠡᠨ ᠪᠣᠯᠣᠨ᠎ᠠ᠃ | | ᠠᠷᠪᠠᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠪᠣᠯ ᠲᠦᠭᠦᠬᠡᠢ ᠰᠦ ᠶᠢ ᠢᠰᠬᠡᠬᠦ᠂ ᠡᠭᠡᠳᠡᠭᠦᠯᠬᠦ᠂ | ᠰᠢᠷ᠎ᠠ ᠤᠰᠤ ᠶᠢ ᠰᠠᠯᠭᠠᠬᠤ᠂ ᠬᠡᠪᠰᠢᠭᠦᠯᠬᠦ ᠵᠡᠷᠭᠡ ᠶᠠᠪᠤᠴᠠ ᠪᠠᠷ ᠳᠠᠮᠵᠢᠵᠣ ᠬᠢᠭᠰᠡᠨ ᠪᠦᠲᠦᠭᠡᠭᠳᠡᠬᠦᠨ ᠪᠣᠯᠣᠨ᠎ᠠ᠂ | ᠭᠤᠣᠯ ᠬᠢᠬᠦ ᠠᠯᠬᠤᠮ ᠳᠠᠷᠠᠭ᠎ᠠ ᠨᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠠᠷᠤᠯᠲᠠ ᠲᠠᠢ | ᠴᠢᠨᠠᠷ ᠰᠠᠶᠢᠲᠠᠢ ᠰᠢᠨ᠎ᠡ ᠰᠣᠷᠭᠤᠭ ᠲᠦᠭᠦᠬᠡᠢ ᠰᠦ ᠶᠢ ᠰᠣᠩᠭᠤᠨ᠂ ᠰᠢᠯᠢ ᠶᠢᠨ ᠭᠤᠣᠯ ᠤᠨ ᠲᠠᠯ᠎ᠠ ᠨᠤᠲᠤᠭ ᠲᠤ ᠯᠠ | ᠣᠨᠴᠠ ᠪᠠᠶᠢᠳᠠᠭ ᠠᠶᠠᠨᠳᠠᠭᠠᠨ ᠡᠭᠡᠳᠡᠭᠦᠯᠬᠦ ᠠᠷᠭ᠎ᠠ ᠪᠠᠷ ᠳᠠᠮᠵᠢᠨ᠂ ᠶᠡᠬᠡᠩᠬᠢ ᠳᠤ ᠪᠠᠨ ᠰᠦ ᠨᠢ ᠳᠣᠣᠷ᠎ᠠ ᠳᠤᠯᠠᠭᠠᠨ | ︵18 ~ 25 18℃︶ ᠤ ᠨᠥᠬᠦᠴᠡᠯ ᠳᠣᠣᠷ᠎ᠠ 2 - 7 ᠡᠳᠦᠷ ᠠᠶᠠᠨᠳᠠᠭᠠᠨ ᠡᠭᠡᠳᠡᠭᠦᠯᠦᠨ᠎ᠡ︔ ᠰᠦ | ᠡᠭᠡᠳᠡᠭᠰᠡᠨ ᠤ ᠳᠠᠷᠠᠭ᠎ᠠ᠂ ᠰᠢᠷ᠎ᠠ ᠤᠰᠤ ᠶᠢ ᠰᠠᠯᠭᠠᠬᠤ ᠪᠠ ᠨᠤᠬᠤᠬᠤ ᠵᠡᠷᠭᠡ ᠶᠠᠪᠤᠴᠠ ᠪᠠᠷ ᠳᠡᠮᠵᠢᠨ᠂ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ ᠪᠤᠰᠤᠳᠢᠳᠡᠭᠡᠨ ᠤ ᠲᠦᠭᠦᠬᠡᠢ ᠮᠠᠲ᠋ᠧᠷᠢᠶᠠᠯ ᠨᠡᠮᠡᠵᠦ ᠪᠣᠯᠬᠤ ᠪᠥᠭᠡᠳ | ᠬᠡᠪᠰᠢᠭᠦᠯᠦᠭᠰᠡᠨ ᠤ ᠳᠠᠷᠠᠭ᠎ᠠ ᠬᠡᠪ ᠲᠤ ᠬᠢᠨ᠎ᠡ᠃ | ᠠᠷᠪᠠᠨ ᠨᠢᠭᠡᠳᠦᠭᠡᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠤᠨ ᠪᠦᠲᠦᠭᠡᠭᠳᠡᠬᠦᠨ ᠢ ᠤᠯᠠᠮᠵᠢᠯᠠᠯᠲᠤ ᠰᠢᠯᠢ ᠶᠢᠨ ᠭᠤᠣᠯ ᠴᠠᠭᠠᠨ ᠢᠳᠡᠭᠡᠨ ᠪᠠ | ᠰᠢᠯᠢ ᠶᠢᠨ ᠭᠤᠣᠯ ᠴᠠᠭᠠᠨ ᠢᠳᠡᠭᠡᠨ ᠭᠡᠵᠦ ᠬᠤᠪᠢᠶᠠᠵᠤ᠂ ᠤᠯᠠᠮᠵᠢᠯᠠᠯᠲᠤ ᠰᠢᠯᠢ ᠶᠢᠨ ᠭᠤᠣᠯ ᠴᠠᠭᠠᠨ ᠢᠳᠡᠭᠡᠨ ᠳᠤ | ᠰᠦᠨ ᠬᠤᠷᠤᠳ᠂ ᠴᠤᠷ᠎ᠠ᠂ ᠪᠢᠰᠢᠯᠠᠭ᠂ ᠠᠭᠠᠷᠴᠠ᠂ ᠰᠢᠬᠢᠷᠯᠢᠭ ᠬᠤᠷᠤᠳ᠂ ᠠᠭᠠᠷᠴᠠᠨ ᠬᠤᠷᠤᠳ᠂ ᠲᠦᠳ᠋᠂ ᠰᠢᠬᠢᠷᠯᠢᠭ | ᠪᠢᠰᠢᠯᠠᠭ ᠵᠡᠷᠭᠡ 8 ᠲᠥᠷᠥᠯ ᠤᠨ ᠪᠦᠲᠦᠭᠡᠭᠳᠡᠬᠦᠨ ᠪᠠᠭᠲᠠᠵᠤ᠂ ᠤᠭᠤᠷᠠᠭ ᠤᠨ ᠠᠭᠤᠯᠤᠭᠳᠠᠴᠠ ᠨᠢ 26% ᠠᠴᠠ | ᠳᠡᠭᠡᠭᠰᠢ ᠪᠠᠶᠢᠳᠠᠭ︔ ᠰᠢᠯᠢ ᠶᠢᠨ ᠭᠤᠣᠯ ᠴᠠᠭᠠᠨ ᠢᠳᠡᠭᠡᠨ ᠳᠤ ᠥᠪᠡᠷᠮᠢᠴᠡ ᠠᠮᠲᠠ ᠲᠠᠢ ᠬᠤᠷᠤᠳ᠂ ᠲᠠᠷᠠᠭ᠂ ᠡᠭᠡᠳᠡᠮ᠂ | ᠬᠦᠴᠢᠯᠢᠭ ᠬᠤᠷᠤᠳ᠂ ᠴᠥᠴᠥᠭᠡᠢ᠂ ᠰᠢᠯᠤᠨ ᠬᠤᠷᠤᠳ᠂ ᠲᠦᠳ᠋᠂ ᠴᠣᠺᠣᠯᠠᠳ᠋ ᠠᠭᠤᠯᠤᠭᠰᠠᠨ ᠬᠤᠷᠤᠳ᠂ ᠰᠢᠷᠠᠭᠰᠠᠨ | ᠬᠤᠷᠤᠳ᠂ ᠬᠠᠭᠰᠠᠭᠠᠭᠰᠠᠨ ᠬᠤᠷᠤᠳ᠂ ᠨᠣᠶᠢᠲᠠᠨ ᠬᠤᠷᠤᠳ ᠵᠡᠷᠭᠡ 11 ᠲᠥᠷᠥᠯ ᠤᠨ ᠪᠦᠲᠦᠭᠡᠭᠳᠡᠬᠦᠨ ᠪᠠᠭᠲᠠᠵᠤ᠂ | ᠤᠭᠤᠷᠠᠭ ᠤᠨ ᠠᠭᠤᠯᠤᠭᠳᠠᠴᠠ ᠨᠢ 18% ᠠᠴᠠ ᠳᠡᠭᠡᠭᠰᠢ ᠪᠠᠶᠢᠵᠤ᠂ ᠪᠦᠲᠦᠭᠡᠭᠳᠡᠬᠦᠨ ᠤ ᠲᠥᠷᠥᠯ ᠵᠦᠢᠯ ᠨᠢ ᠰᠢᠨ᠎ᠡ | ᠪᠦᠲᠦᠭᠡᠭᠳᠡᠬᠦᠨ ᠰᠤᠳᠤᠯᠤᠨ ᠡᠭᠦᠳᠬᠦ ᠶᠢ ᠳᠠᠭᠠᠯᠳᠤᠨ ᠲᠠᠰᠤᠷᠠᠯᠲᠠ ᠦᠭᠡᠢ ᠰᠢᠨᠡᠳᠴᠦ ᠪᠠᠶᠢᠨ᠎ᠠ᠃ ᠰᠢᠯᠢ ᠶᠢᠨ ᠭᠤᠣᠯ | ᠴᠠᠭᠠᠨ ᠢᠳᠡᠭᠡᠨ ᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠤᠨ ᠪᠦᠲᠦᠭᠡᠭᠳᠡᠬᠦᠨ ᠪᠣᠯ | ᠤᠭᠤᠷᠠᠭ ᠤᠨ ᠠᠭᠤᠯᠤᠭᠳᠠᠴᠠ ᠨᠢ 26 % ᠠᠴᠠ ᠳᠡᠭᠡᠭᠰᠢᠬᠢ ᠴᠠᠭᠠᠨ ᠢᠳᠡᠭᠡᠨ ᠤ ᠲᠥᠷᠥᠯ ᠤᠨ ᠪᠦᠲᠦᠭᠡᠭᠳᠡᠬᠦᠨ | ᠪᠠᠶᠢᠵᠤ᠂ ᠬᠤᠷᠤᠳ᠂ ᠴᠤᠷ᠎ᠠ᠂ ᠪᠢᠰᠢᠯᠠᠭ᠂ ᠠᠭᠠᠷᠴᠠ ᠵᠡᠷᠭᠡ 4 ᠵᠦᠢᠯ ᠤᠨ ᠤᠯᠠᠮᠵᠢᠯᠠᠯᠲᠤ ᠪᠦᠲᠦᠭᠡᠭᠳᠡᠬᠦᠨ ᠵᠢᠴᠢ | ᠲᠡᠭᠦᠨ ᠠᠴᠠ ᠤᠯᠠᠷᠢᠭᠰᠠᠨ ᠪᠠᠶᠢᠭᠠᠯᠢᠯᠢᠭ ᠪᠦᠲᠦᠭᠡᠭᠳᠡᠬᠦᠨ ᠪᠠᠭᠲᠠᠨ᠎ᠠ᠃ | ᠭᠤᠷᠪᠠᠳᠤᠭᠠᠷ ᠪᠦᠯᠦᠭ ᠭᠤᠶᠤᠴᠢᠯᠠᠬᠤ | ᠠᠷᠪᠠᠨ ᠬᠤᠶᠠᠳᠤᠭᠠᠷ ᠵᠦᠢᠯ | ︵ᠨᠢᠭᠡ︶ ᠭᠤᠶᠤᠴᠢᠯᠠᠬᠤ ᠭᠤᠣᠯ ᠴᠣᠭᠴᠠ ᠨᠢ ᠬᠠᠤᠯᠢ ᠪᠠᠷ ᠲᠣᠭᠲᠠᠭᠠᠭᠰᠠᠨ ᠳᠠᠩᠰᠠᠯᠠᠭᠤᠯᠤᠭᠰᠠᠨ ᠲᠠᠸᠠᠷ ᠤᠨ | ᠲᠡᠮᠳᠡᠭ ᠲᠠᠢ ᠪᠠᠶᠢᠵᠤ᠂ ᠪᠦᠲᠦᠭᠡᠭᠳᠡᠬᠦᠨ ᠨᠢ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠬᠠᠮᠢᠶ᠎ᠠ ᠪᠦᠬᠦᠢ | ᠲᠣᠭᠲᠠᠭᠠᠯ ᠳᠤ ᠨᠡᠶᠢᠴᠡᠵᠦ᠂ ᠡᠳ᠋ᠰᠢᠭᠦᠯᠬᠦ ᠲᠠᠯᠠᠪᠤᠷ ᠢ ᠰᠢᠯᠢ ᠶᠢᠨ ᠭᠤᠣᠯ ᠠᠶᠢᠮᠠᠭ ᠤᠨ ᠳᠣᠲᠣᠷ᠎ᠠ ᠪᠠᠶᠢᠭᠤᠯᠵᠤ᠂ | ᠦᠢᠯᠡᠳᠪᠦᠷᠢᠯᠡᠬᠦ ᠶᠠᠪᠤᠴᠠ ᠪᠠ ᠪᠦᠲᠦᠭᠡᠭᠳᠡᠬᠦᠨ ᠨᠢ ᠰᠢᠯᠢ ᠶᠢᠨ ᠭᠤᠣᠯ ᠴᠠᠭᠠᠨ ᠢᠳᠡᠭᠡᠨ ᠤ ᠬᠠᠮᠢᠶ᠎ᠠ ᠪᠦᠬᠦᠢ | ᠪᠠᠷᠢᠮᠵᠢᠶᠠᠨ ᠳᠤ ᠨᠡᠶᠢᠴᠡᠭᠰᠡᠨ ᠪᠠᠶᠢᠬᠤ ᠬᠡᠷᠡᠭᠲᠡᠢ᠃ ᠭᠤᠶᠤᠴᠢᠯᠠᠬᠤ ᠭᠤᠣᠯ ᠴᠣᠭᠴᠠ ᠨᠢ ᠵᠢᠵᠢᠭ ᠦᠢᠯᠡᠳᠬᠡᠯ ᠤᠨ | ᠭᠠᠵᠠᠷ ᠪᠠᠶᠢᠪᠠᠯ᠂ ᠪᠦᠲᠦᠭᠡᠭᠳᠡᠬᠦᠨ ᠤ ᠵᠢᠯ ᠤᠨ ᠭᠠᠷᠤᠯᠲᠠ ᠨᠢ 5 ᠲᠣᠨ ᠠᠴᠠ ᠳᠡᠭᠡᠭᠰᠢ ᠪᠠᠶᠢᠵᠤ᠂ ᠭᠤᠶᠤᠴᠢᠯᠠᠬᠤ | ᠭᠤᠣᠯ ᠴᠣᠭᠴᠠ ᠨᠢ ᠠᠵᠤ ᠠᠬᠤᠶᠢᠯᠠᠯ ᠪᠠᠶᠢᠪᠠᠯ᠂ ᠪᠦᠲᠦᠭᠡᠭᠳᠡᠬᠦᠨ ᠤ ᠵᠢᠯ ᠤᠨ ᠭᠠᠷᠤᠯᠲᠠ ᠨᠢ 10 ᠲᠣᠨ ᠠᠴᠠ | ᠳᠡᠭᠡᠭᠰᠢ ᠪᠠᠶᠢᠬᠤ ᠬᠡᠷᠡᠭᠲᠡᠢ᠃ | ︵ᠬᠤᠶᠠᠷ︶ ᠭᠤᠶᠤᠴᠢᠯᠠᠬᠤ ᠭᠤᠣᠯ ᠴᠣᠭᠴᠠ ᠶᠢᠨ ᠲᠦᠭᠦᠬᠡᠢ ᠰᠦ ᠨᠢ ᠰᠢᠯᠢ ᠶᠢᠨ ᠭᠤᠣᠯ ᠠᠶᠢᠮᠠᠭ ᠤᠨ | ᠳᠣᠲᠣᠷᠠᠬᠢ ᠮᠠᠯᠵᠢᠬᠤ ᠡᠷᠦᠬᠡ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠠᠴᠠ ᠢᠷᠡᠵᠣ᠂ ᠪᠥᠬᠦ ᠵᠢᠯ ᠤᠨ ᠲᠦᠭᠦᠬᠡᠢ ᠰᠦ ᠬᠤᠳᠠᠯᠳᠤᠨ ᠠᠪᠬᠤ ᠳᠤ ᠠᠶᠢᠮᠠᠭ ᠤᠨ | ᠳᠣᠲᠣᠷ᠎ᠠ ᠠᠴᠠ ᠲᠦᠭᠦᠬᠡᠢ ᠰᠦ ᠬᠤᠳᠠᠯᠳᠤᠨ ᠠᠪᠬᠤ ᠬᠡᠮᠵᠢᠶ᠎ᠡ ᠶᠢ 50% ᠠᠴᠠ ᠳᠣᠣᠷ᠎ᠠ ᠪᠠᠶᠢᠯᠭᠠᠵᠤ ᠪᠣᠯᠬᠤ | ᠦᠭᠡᠢ ᠪᠥᠭᠡᠳ ᠬᠤᠳᠠᠯᠳᠤᠨ ᠠᠪᠬᠤ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ︔ ᠠᠶᠢᠮᠠᠭ ᠤᠨ ᠭᠠᠳᠠᠨ᠎ᠠ | ᠠᠴᠠ ᠲᠦᠭᠦᠬᠡᠢ ᠰᠦ ᠬᠤᠳᠠᠯᠳᠤᠨ ᠠᠪᠬᠤ ᠳᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ | ᠥᠪᠡᠷᠲᠡᠭᠡᠨ ᠰᠠᠭᠠᠭᠰᠠᠨ ᠰᠦ ᠶᠢ ᠬᠤᠳᠠᠯᠳᠤᠨ ᠠᠪᠬᠤ ᠶᠢᠨ ᠬᠠᠮᠲᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ | ᠬᠢᠵᠦ᠂ ᠲᠡᠭᠦᠨ ᠤ ᠥᠭᠡᠬᠦ ᠪᠠ ᠣᠰᠣᠨ ᠠᠴᠠ ᠪᠤᠰᠤᠳ ᠡᠯᠧᠮᠧᠨ᠋ᠲ ᠤᠨ ᠠᠭᠤᠯᠤᠭᠳᠠᠴᠠ ᠶᠢ 12% ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠂ ᠰᠦᠨ ᠤ ᠥᠭᠡᠬᠦ ᠶᠢᠨ ᠨᠣᠷᠮ᠎ᠠ ᠶᠢ 4.2% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ | ᠤᠭᠤᠷᠠᠭ ᠤᠨ ᠠᠭᠤᠯᠤᠭᠳᠠᠴᠠ ᠶᠢ 3.2% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠭᠤᠶᠤᠴᠢᠯᠠᠭᠰᠠᠨ ᠭᠤᠣᠯ | ᠴᠣᠭᠴᠠ ᠶᠢᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠲᠦᠭᠦᠬᠡᠢ ᠰᠦ ᠬᠤᠳᠠᠯᠳᠤᠨ ᠠᠪᠤᠭᠰᠠᠨ ᠪᠠᠶᠢᠳᠠᠯ | ᠵᠢᠴᠢ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠬᠤ ᠬᠡᠷᠡᠭᠲᠡᠢ᠃ ︵ | ᠭᠤᠷᠪᠠ︶ ᠭᠤᠶᠤᠴᠢᠯᠠᠬᠤ ᠭᠤᠣᠯ ᠴᠣᠭᠴᠠ ᠨᠢ ᠨᠠᠷᠠᠲᠤ ᠲᠡᠮᠳᠡᠭ ᠤᠨ ᠤᠷᠢᠳᠴᠢᠯᠠᠨ ᠡᠷᠬᠡ ᠣᠯᠭᠤᠵᠤ ᠰᠢᠯᠭᠠᠨ | ᠠᠪᠬᠤ ᠶᠢ ᠥᠩᠭᠡᠷᠡᠭᠡᠵᠦ᠂ ᠱᠠᠭᠠᠷᠳᠠᠯᠭ᠎ᠠ ᠶᠣᠰᠣᠭᠠᠷ ᠰᠢᠯᠢ ᠶᠢᠨ ᠭᠤᠣᠯ ᠴᠠᠭᠠᠨ ᠢᠳᠡᠭᠡᠨ ᠤ ᠮᠥᠷᠳᠡᠨ ᠪᠠᠶᠢᠴᠠᠭᠠᠬᠤ | ᠪᠠ ᠬᠠᠭᠤᠷᠮᠠᠭ ᠢ ᠰᠡᠷᠭᠡᠶᠢᠯᠡᠬᠦ ᠰᠢᠰᠲ᠋ᠧᠮ ᠳᠤ ᠣᠷᠣᠵᠤ᠂ ᠦᠢᠯᠡᠳᠪᠦᠷᠢᠯᠡᠯ ᠤᠨ ᠮᠡᠳᠡᠭᠡ ᠵᠠᠩᠭᠢ ᠶᠢ ᠪᠢᠴᠢᠵᠦ | ᠣᠷᠣᠭᠤᠯᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠢ᠃ | ︵ᠳᠥᠷᠪᠡ︶ ᠣᠶᠢᠷ᠎ᠠ ᠶᠢᠨ ᠬᠤᠶᠠᠷ ᠵᠢᠯ ᠤᠨ ᠳᠣᠲᠣᠷ᠎ᠠ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠠᠳᠠᠯ ᠭᠠᠷᠤᠭᠰᠠᠨ ᠦᠭᠡᠢ᠂ ᠵᠠᠯᠭᠠᠪᠠᠷ ᠭᠤᠷᠪᠠᠨ ᠵᠢᠯ ᠪᠤᠶᠤ ᠲᠣᠰ ᠵᠢᠯ ᠳᠤ ᠭᠤᠷᠪᠠᠨ ᠪᠦᠯᠦᠭ | ᠤᠳᠠᠭᠠᠨ ᠤ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠪᠠᠶᠢᠬᠤ᠂ ᠲᠠᠸᠠᠷ ᠤᠨ | ᠲᠡᠮᠳᠡᠭ ᠤᠨ ᠡᠷᠬᠡ ᠳᠤ ᠬᠠᠯᠳᠠᠭᠰᠠᠨ᠂ ᠢᠲᠡᠭᠡᠯ ᠠᠯᠳᠠᠭᠰᠠᠨ ᠵᠢᠴᠢ ᠪᠤᠰᠤᠳ ᠵᠠᠰᠠᠭ ᠵᠠᠬᠢᠷᠭᠠᠨ ᠤ ᠰᠢᠳᠬᠡᠯ | ᠣᠯᠣᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠦᠭᠡᠢ ᠪᠠᠶᠢᠬᠤ᠃ | ︵ᠲᠠᠪᠤ︶ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠲᠠᠢ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ | ᠥᠷᠨᠢᠭᠦᠯᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ | ︵ᠨᠢᠭᠡ︶ ᠭᠤᠶᠤᠴᠢᠯᠠᠬᠤ ᠭᠤᠣᠯ ᠴᠣᠭᠴᠠ ᠶᠢᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠲᠦᠭᠦᠬᠡᠢ ᠰᠦ᠂ | ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠯᠳᠦᠭᠦᠯᠵᠦ ᠂ ᠭᠠᠷᠠᠭ ᠪᠦᠷᠢ ᠠᠳᠠᠭ ᠲᠠᠭᠠᠨ ᠨᠢᠭᠡ | ᠤᠳᠠᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠤᠶᠤᠴᠢᠯᠠᠭᠰᠠᠨ ᠭᠤᠣᠯ ᠴᠣᠭᠴᠠ ᠶᠢᠨ | ᠲᠦᠭᠦᠬᠡᠢ ᠰᠦ᠂ ᠪᠦᠲᠦᠭᠡᠭᠳᠡᠬᠦᠨ ᠳᠤ ᠰᠢᠯᠭᠠᠨ ᠪᠠᠶᠢᠴᠠᠭᠠᠯᠲᠠ ᠬᠢᠵᠦ᠂ ᠠᠷᠭ᠎ᠠ ᠮᠠᠶ᠋ᠢᠭ ᠢ ᠲᠦᠷᠭᠡᠨ ᠰᠢᠯᠭᠠᠨ | ᠪᠠᠶᠢᠴᠠᠭᠠᠬᠤ ᠪᠠᠷ ᠭᠤᠣᠯ ᠪᠣᠯᠭᠠᠵᠤ᠂ ᠴᠢᠬᠤᠯᠠ ᠲᠠᠢ ᠦᠶ᠎ᠡ ᠳᠤ ᠲᠣᠭᠲᠠᠭᠰᠠᠨ ᠬᠡᠮᠵᠢᠶᠡᠨ ᠤ ᠰᠢᠯᠭᠠᠨ ᠪᠠᠶᠢᠴᠠᠭᠠᠯᠲᠠ | ᠬᠢᠬᠦ ᠬᠡᠷᠡᠭᠲᠡᠢ᠃ ᠡᠭᠦᠨ ᠳᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶᠠᠨ ᠠᠴᠠ ᠲᠦᠭᠦᠬᠡᠢ ᠰᠦ ᠶᠢ ᠰᠢᠯᠭᠠᠨ ᠪᠠᠶᠢᠴᠠᠭᠠᠬᠤ ᠶᠢ ᠬᠠᠷᠢᠭᠤᠴᠠᠵᠤ᠂ ᠭᠤᠣᠯ ᠰᠢᠯᠭᠠᠨ ᠪᠠᠶᠢᠴᠠᠭᠠᠬᠤ | ᠲᠦᠷᠦᠯ ᠵᠦᠢᠯ ᠳᠤ᠄ ᠤᠭᠤᠷᠠᠭ᠂ ᠥᠭᠡᠬᠦ᠂ ᠥᠭᠡᠬᠦ ᠪᠠ ᠣᠰᠣᠨ ᠠᠴᠠ ᠪᠤᠰᠤᠳ ᠡᠯᠧᠮᠧᠨ᠋ᠲ᠂ ᠮᠠᠯ ᠳᠤ ᠬᠡᠷᠡᠭᠯᠡᠬᠦ | ᠪᠠᠺᠲ᠋ᠧᠷᠢ ᠡᠰᠡᠷᠭᠦᠴᠡᠭᠴᠢ ᠡᠳ᠋ ᠪᠠ ᠮᠧᠯᠡᠮᠢᠨ ᠵᠡᠷᠭᠡ 5 ᠲᠦᠷᠦᠯ ᠤᠨ ᠠᠭᠤᠯᠭ᠎ᠠ ᠪᠠᠭᠲᠠᠨ᠎ᠠ᠃ ᠬᠠᠷᠢᠶ᠎ᠠ ᠭᠠᠵᠠᠷ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠠᠴᠠ ᠪᠦᠲᠦᠭᠡᠭᠳᠡᠬᠦᠨ ᠰᠢᠯᠭᠠᠨ ᠪᠠᠶᠢᠴᠠᠭᠠᠬᠤ ᠶᠢ | ᠬᠠᠷᠢᠭᠤᠴᠠᠵᠤ᠂ ᠰᠢᠯᠭᠠᠨ ᠪᠠᠶᠢᠴᠠᠭᠠᠬᠤ ᠲᠦᠷᠦᠯ ᠵᠦᠢᠯ ᠳᠤ᠄ ᠲᠤᠭᠤᠯᠭ᠎ᠠ᠂ ᠤᠰᠤ᠂ ᠤᠭᠤᠷᠠᠭ᠂ ᠥᠭᠡᠬᠦ᠂ ᠬᠦᠴᠢᠯᠴᠡ᠂ | ᠦᠵᠣᠮᠴᠢᠷ ᠪᠥᠮᠪᠥᠭᠡᠨ ᠪᠠᠺᠲ᠋ᠧᠷᠢ᠂ ᠰᠠᠯᠮᠤᠨᠧᠯ ᠪᠠᠺᠲ᠋ᠧᠷᠢ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ᠪᠠ | ᠬᠥᠭᠡᠴᠦ ᠵᠡᠷᠭᠡ 9 ᠵᠦᠢᠯ ᠤᠨ ᠠᠭᠤᠯᠭ᠎ᠠ ᠪᠠᠭᠲᠠᠨ᠎ᠠ᠃ | ︵ᠬᠤᠶᠠᠷ︶ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ | ᠰᠢᠰᠲ᠋ᠧᠮᠵᠢ ᠶᠢ ᠪᠠᠶᠢᠭᠤᠯᠵᠤ᠂ ᠡᠷᠬᠡ ᠣᠯᠭᠤᠭᠰᠠᠨ ᠭᠤᠣᠯ ᠴᠣᠭᠴᠠ ᠶᠢ ᠬᠠᠪᠰᠤᠷᠤᠨ ᠪᠦᠲᠦᠭᠡᠭᠳᠡᠬᠦᠨ ᠢ ᠠᠶᠢᠮᠠᠭ | ᠤᠨ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠰᠢᠯᠢ ᠶᠢᠨ ᠬᠤᠲᠠ ᠳᠤ ᠪᠠᠶᠢᠭᠤᠯᠤᠭᠰᠠᠨ | ᠰᠢᠯᠢ ᠶᠢᠨ ᠭᠤᠣᠯ ᠴᠠᠭᠠᠨ ᠢᠳᠡᠭᠡᠨ ᠤ ᠪᠦᠲᠦᠭᠡᠭᠳᠡᠬᠦᠨ ᠢ ᠬᠠᠳᠠᠭᠠᠯᠠᠵᠤ ᠲᠡᠭᠡᠭᠡᠪᠦᠷᠢᠯᠡᠬᠦ ᠲᠥᠪ᠂ ᠬᠤᠰᠢᠭᠤ | ᠰᠢᠶᠠᠨ ᠤ ᠬᠤᠪᠢᠶᠠᠷᠢ ᠲᠥᠪ ᠪᠤᠶᠤ ᠬᠥᠬᠡᠬᠤᠲᠠ ᠣᠷᠣᠨ ᠳᠤ ᠲᠡᠭᠡᠭᠡᠪᠦᠷᠢᠯᠡᠨ ᠬᠦᠷᠭᠡᠨ᠎ᠡ᠃ | ᠠᠷᠪᠠᠨ ᠳᠥᠷᠪᠡᠳᠦᠭᠡᠷ ᠵᠦᠢᠯ ᠭᠤᠶᠤᠴᠢᠯᠠᠬᠤ ᠭᠤᠣᠯ ᠴᠣᠭᠴᠠ ᠨᠢ ᠳᠣᠣᠷᠠᠬᠢ ᠮᠡᠲᠦ ᠮᠠᠲ᠋ᠧᠷᠢᠶᠠᠯ ᠢ | ᠬᠠᠩᠭᠠᠬᠤ ᠴᠢᠬᠤᠯᠠᠲᠠᠢ᠄ | ︵ᠨᠢᠭᠡ︶ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠲᠤ ᠡᠷᠬᠡ ᠣᠯᠭᠤᠨ ᠬᠡᠷᠡᠭᠯᠡᠭᠦᠯᠬᠦ | ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠦᠢᠯᠡᠳᠪᠦᠷᠢᠯᠡᠬᠦ ᠠᠵᠤ ᠠᠬᠤᠶᠢᠯᠠᠯ ᠨᠢ ︽ᠡᠵᠡᠩᠨᠡᠯᠲᠡ ᠶᠢᠨ ᠦᠨᠡᠮᠯᠡᠯ︾᠂ ︽ᠢᠳᠡᠭᠡᠨ | ᠦᠢᠯᠡᠳᠪᠦᠷᠢᠯᠡᠵᠦ ᠡᠳ᠋ᠰᠢᠭᠦᠯᠬᠦ ᠵᠥᠪᠰᠢᠶᠡᠷᠡᠯ ᠤᠨ ᠦᠨᠡᠮᠯᠡᠯ︾ ᠬᠠᠩᠭᠠᠵᠤ᠂ ᠵᠢᠵᠢᠭ ᠦᠢᠯᠡᠳᠬᠡᠯ ᠤᠨ ᠭᠠᠵᠠᠷ ᠨᠢ ︽ | ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠤᠨ ᠦᠨᠡᠮᠯᠡᠯ︾ ᠬᠠᠩᠭᠠᠨ᠎ᠠ᠃ | ︵ᠭᠤᠷᠪᠠ︶ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃ | ᠠᠷᠪᠠᠨ ᠲᠠᠪᠤᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠬᠡᠷᠡᠭᠯᠡᠬᠦ ᠪᠠᠷ | ᠭᠤᠶᠤᠴᠢᠯᠠᠬᠤ ᠳᠤ ᠳᠣᠣᠷᠠᠬᠢ ᠮᠡᠲᠦ ᠳᠡᠰ ᠳᠠᠷᠠᠭᠠᠯᠠᠯ ᠢ ᠭᠦᠢᠴᠡᠳᠬᠡᠬᠦ ᠴᠢᠬᠤᠯᠠᠲᠠᠢ᠄ | ︵ᠨᠢᠭᠡ︶ ᠭᠤᠶᠤᠴᠢᠯᠠᠬᠤ ᠭᠤᠣᠯ ᠴᠣᠭᠴᠠ ᠨᠢ ᠪᠠᠶᠢᠩᠭᠤ ᠶᠢᠨ ᠴᠢᠨᠠᠷᠲᠠᠢ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠠᠴᠠ ᠨᠠᠷᠠᠲᠤ ᠲᠡᠮᠳᠡᠭ ᠤᠨ ᠡᠷᠬᠡ ᠣᠯᠭᠤᠬᠤ ᠶᠢ ᠭᠤᠶᠤᠴᠢᠯᠠᠵᠤ᠂ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠬᠤᠷᠢᠶᠠᠩᠭᠤᠶᠢᠯᠠᠭᠰᠠᠨ ᠤ ᠳᠠᠷᠠᠭ᠎ᠠ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ᠎ᠡ᠃ | ︵ᠬᠤᠶᠠᠷ︶ ᠬᠠᠮᠲᠤᠷᠠᠭᠰᠠᠨ ᠬᠤᠷᠠᠯ ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠨᠦᠭᠦᠳ ᠲᠤᠬᠠᠢ ᠶᠢᠨ ᠭᠠᠵᠠᠷ | ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠷᠬᠡ ᠣᠯᠭᠤᠬᠤ ᠪᠠᠷ ᠪᠠᠶᠢᠭ᠎ᠠ ᠨᠡᠷᠡᠰ ᠢ ᠳᠡᠭᠡᠭᠰᠢ ᠠᠶᠢᠮᠠᠭ ᠤᠨ | ᠵᠠᠬᠢᠷᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ | ︵ᠭᠤᠷᠪᠠ︶ ᠠᠶᠢᠮᠠᠭ ᠤᠨ ᠵᠠᠬᠢᠷᠭ᠎ᠠ ᠠᠴᠠ ᠬᠢᠨᠠᠨ ᠵᠥᠪᠯᠡᠭᠰᠡᠨ ᠤ ᠳᠠᠷᠠᠭ᠎ᠠ ᠡᠷᠬᠡ ᠣᠯᠭᠤᠬᠤ ᠭᠤᠣᠯ ᠴᠣᠭᠴᠠ ᠶᠢ | ᠲᠣᠭᠲᠠᠭᠠᠵᠤ᠂ ᠨᠠᠷᠠᠲᠤ ᠲᠡᠮᠳᠡᠭ ᠤᠨ ᠡᠷᠬᠡ ᠣᠯᠭᠤᠬᠤ ᠠᠵᠢᠯ ᠥᠷᠨᠢᠭᠦᠯᠦᠨ᠎ᠡ᠃ | ︵ᠳᠥᠷᠪᠡ︶ ᠨᠠᠷᠠᠲᠤ ᠲᠡᠮᠳᠡᠭ ᠢ ᠵᠢᠩᠬᠢᠨᠢ ᠪᠠᠷ ᠡᠷᠬᠡ ᠣᠯᠭᠤᠬᠤ ᠠᠴᠠ ᠡᠮᠦᠨ᠎ᠡ᠂ 3 ᠰᠠᠷ᠎ᠠ ᠶᠢᠨ ᠤᠷᠢᠳᠴᠢᠯᠠᠨ | ᠡᠷᠬᠡ ᠣᠯᠭᠤᠬᠤ ᠬᠤᠭᠤᠴᠠᠭ᠎ᠠ ᠲᠣᠬᠢᠷᠠᠭᠤᠯᠵᠤ᠂ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠬᠠᠮᠲᠤᠷᠠᠭᠰᠠᠨ | ᠬᠤᠷᠠᠯ ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠠᠴᠠ ᠤᠷᠢᠳᠴᠢᠯᠠᠨ ᠡᠷᠬᠡ ᠣᠯᠭᠤᠭᠰᠠᠨ ᠭᠤᠣᠯ ᠴᠣᠭᠴᠠ ᠶᠢ | ᠰᠢᠯᠭᠠᠨ ᠦᠨᠡᠯᠡᠵᠦ᠂ ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠢ ᠨᠢ ᠨᠡᠶᠢᠳᠡ ᠳᠤ ᠵᠠᠷᠯᠠᠨ᠎ᠠ︔ ᠰᠢᠯᠭᠠᠨ | ᠦᠨᠡᠯᠡᠬᠦ ᠳᠤ ᠬᠢᠷᠢ ᠲᠡᠩᠴᠡᠭᠰᠡᠨ ᠦᠭᠡᠢ ᠪᠠᠶᠢᠪᠠᠯ 3 ᠰᠠᠷ᠎ᠠ ᠶᠢᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ | ᠣᠯᠭᠤᠨ᠎ᠠ᠃ | ︵ᠲᠠᠪᠤ︶ ᠨᠡᠶᠢᠲᠡ ᠳᠤ ᠵᠠᠷᠯᠠᠬᠤ ᠳᠤ ᠣᠨᠳᠣᠣ ᠰᠠᠨᠠᠯ ᠦᠭᠡᠢ ᠪᠣᠯ ᠠᠶᠢᠮᠠᠭ ᠤᠨ ᠨᠡᠷ᠎ᠡ ᠲᠡᠮᠳᠡᠭᠲᠦ ᠶᠢᠨ | ᠪᠠᠶᠢᠭᠤᠯᠤᠯᠲᠠ ᠶᠢ ᠠᠬᠢᠭᠤᠯᠬᠤ ᠲᠥᠪ᠂ ᠨᠡᠶᠢᠭᠡᠮᠯᠢᠭ ᠨᠢ ᠡᠷᠬᠡ ᠣᠯᠭᠤᠭᠰᠠᠨ ᠭᠤᠣᠯ ᠴᠣᠭᠴᠠ ᠯᠤᠭ᠎ᠠ ︽ᠰᠢᠯᠢ ᠶᠢᠨ | ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ ᠭᠠᠵᠠᠷ | ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠲᠤ ᠡᠷᠬᠡ ᠣᠯᠭᠤᠵᠤ ᠵᠥᠪᠰᠢᠶᠡᠷᠡᠨ ᠬᠡᠷᠡᠭᠯᠡᠬᠦ ᠬᠡᠯᠡᠯᠴᠡᠭᠡᠷ︾ | ︵ᠳᠣᠷᠣᠭᠰᠢ ︽ᠡᠷᠬᠡ ᠣᠯᠭᠤᠵᠤ ᠵᠥᠪᠰᠢᠶᠡᠷᠡᠨ ᠬᠡᠷᠡᠭᠯᠡᠬᠦ ᠬᠡᠯᠡᠯᠴᠡᠭᠡᠷ︾ ᠭᠡᠵᠦ ᠲᠣᠪᠴᠢᠯᠠᠨ᠎ᠠ︶ ᠲᠣᠭᠲᠠᠵᠤ᠂ ︽ | ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ | ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠬᠡᠷᠡᠭᠯᠡᠬᠦ ᠦᠨᠡᠮᠯᠡᠯ︾ ︵ᠳᠣᠷᠣᠭᠰᠢ ︽ᠨᠠᠷᠠᠲᠤ ᠲᠡᠮᠳᠡᠭ | ᠬᠡᠷᠡᠭᠯᠡᠬᠦ ᠦᠨᠡᠮᠯᠡᠯ︾ ᠭᠡᠵᠦ ᠲᠣᠪᠴᠢᠯᠠᠨ᠎ᠠ︶ ᠪᠠ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠣᠯᠭᠤᠨ᠎ᠠ᠃ | ᠠᠶᠢᠮᠠᠭ ᠤᠨ ᠨᠡᠶᠢᠭᠡᠮᠯᠢᠭ ᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ | ᠬᠢᠨᠠᠨ ᠵᠥᠪᠰᠢᠶᠡᠷᠡᠵᠦ ᠳᠠᠩᠰᠠᠯᠠᠭᠤᠯᠬᠤ ᠱᠠᠭᠠᠷᠳᠠᠯᠭ᠎ᠠ ᠶᠣᠰᠣᠭᠠᠷ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶᠠᠨ ᠳᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢ ᠬᠡᠷᠡᠭᠯᠡᠬᠦ | ᠵᠥᠪᠰᠢᠶᠡᠷᠡᠯ ᠤᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ ᠳᠠᠩᠰᠠᠯᠠᠭᠤᠯᠤᠨ᠎ᠠ᠃ | ᠠᠷᠪᠠᠨ ᠵᠢᠷᠭᠤᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠲᠤ ᠡᠷᠬᠡ ᠣᠯᠭᠤᠬᠤ | ᠬᠡᠪᠴᠢᠶᠡᠨ ᠳᠤ᠄ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠵᠢᠵᠢᠭ ᠦᠢᠯᠡᠳᠬᠡᠯ ᠤᠨ ᠭᠠᠵᠠᠷ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠵᠢᠴᠢ | ᠰᠣᠶᠣᠯ᠂ ᠵᠢᠭᠤᠯᠴᠢᠯᠠᠯ ᠵᠡᠷᠭᠡ ᠠᠯᠪᠠᠨ ᠤ ᠲᠠᠯ᠎ᠠ ᠶᠢᠨ ᠤᠬᠠᠭᠤᠯᠭ᠎ᠠ᠂ ᠨᠠᠷᠠᠲᠤ ᠲᠡᠮᠳᠡᠭ ᠢ ᠰᠤᠷᠲᠠᠯᠴᠢᠯᠠᠨ ᠳᠡᠯᠭᠡᠷᠡᠭᠦᠯᠬᠦ | ᠠᠵᠢᠯᠯᠠᠭ᠎ᠠ ᠪᠠᠭᠲᠠᠨ᠎ᠠ᠃ | ᠳᠥᠷᠪᠡᠳᠦᠭᠡᠷ ᠪᠦᠯᠦᠭ ᠬᠡᠷᠡᠭᠯᠡᠬᠦ | ᠠᠷᠪᠠᠨ ᠳᠣᠯᠣᠳᠤᠭᠠᠷ ᠵᠦᠢᠯ ᠡᠷᠬᠡ ᠣᠯᠭᠤᠭᠰᠠᠨ ᠭᠤᠣᠯ ᠴᠣᠭᠴᠠ ᠨᠢ ᠳᠣᠣᠷᠠᠬᠢ ᠮᠡᠲᠦ ᠡᠷᠬᠡ ᠲᠠᠢ᠄ | ︵ᠨᠢᠭᠡ︶ ᠡᠷᠬᠡ ᠣᠯᠭᠤᠭᠰᠠᠨ ᠪᠦᠲᠦᠭᠡᠭᠳᠡᠬᠦᠨ ᠤ ᠪᠣᠭᠤᠳᠠᠯ ᠳᠡᠭᠡᠷ᠎ᠡ ᠰᠢᠯᠢ ᠶᠢᠨ ᠭᠤᠣᠯ ᠴᠠᠭᠠᠨ ᠢᠳᠡᠭᠡᠨ ᠤ | ᠨᠠᠷᠠᠲᠤ ᠲᠡᠮᠳᠡᠭ ᠢ ᠬᠡᠷᠡᠭᠯᠡᠬᠦ᠃ | ︵ᠬᠤᠶᠠᠷ︶ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠬᠡᠷᠡᠭᠯᠡᠨ ᠤᠬᠠᠭᠤᠯᠬᠤ᠂ ᠳᠡᠯᠭᠡᠨ | ᠪᠣᠷᠣᠯᠠᠭᠤᠯᠬᠤ᠂ ᠳᠡᠯᠭᠡᠨ ᠦᠵᠡᠭᠦᠯᠬᠦ᠃ | ︵ᠭᠤᠷᠪᠠ︶ ᠮᠦᠷᠳᠡᠨ ᠨᠡᠬᠡᠮᠵᠢᠯᠡᠬᠦ ᠲᠥᠬᠦᠭᠡᠷᠦᠮᠵᠢ᠂ ᠡᠭᠦᠳᠡᠨ ᠫᠠᠶᠢᠰᠠ ᠢᠯᠡᠷᠬᠡᠶᠢᠯᠡᠯ᠂ ᠪᠦᠲᠦᠭᠡᠭᠳᠡᠬᠦᠨ ᠤ ᠭᠠᠳᠠᠷ | ᠪᠣᠭᠤᠳᠠᠯ ︵ᠵᠢᠵᠢᠭ ᠦᠢᠯᠡᠳᠬᠡᠯ ᠤᠨ ᠭᠠᠵᠠᠷ︶ ᠵᠡᠷᠭᠡ ᠨᠥᠬᠦᠪᠦᠷᠢ ᠵᠢᠴᠢ ᠲᠥᠷᠥᠯ ᠵᠦᠢᠯ᠂ ᠪᠡᠯᠡ ᠮᠥᠩᠭᠦ ᠵᠡᠷᠭᠡ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃ | ︵ᠳᠥᠷᠪᠡ︶ ᠨᠠᠷᠠᠲᠤ ᠲᠡᠮᠳᠡᠭ ᠤᠨ ᠡᠵᠡᠩᠨᠡᠯᠲᠡ ᠬᠠᠮᠢᠶᠠᠷᠤᠯᠲᠠ ᠳᠤ ᠰᠠᠨᠠᠭᠤᠯᠭ᠎ᠠ ᠪᠤᠶᠤ ᠰᠠᠨᠠᠯ ᠳᠤᠷᠠᠳᠬᠤ᠃ | | ᠠᠷᠪᠠᠨ ᠨᠠᠢᠮᠠᠳᠤᠭᠠᠷ ᠵᠦᠢᠯ ᠡᠷᠬᠡ ᠣᠯᠭᠤᠭᠰᠠᠨ ᠪᠡᠶᠡᠴᠢ ᠴᠣᠭᠴᠠ ᠨᠢ ᠳᠣᠣᠷᠠᠬᠢ ᠡᠭᠦᠷᠭᠡ ᠨᠦᠭᠦᠳ ᠢ | ᠭᠦᠢᠴᠡᠳᠬᠡᠬᠦ ᠴᠢᠬᠤᠯᠠᠲᠠᠢ᠄ | ︵ᠨᠢᠭᠡ︶ ᠰᠢᠯᠢ ᠶᠢᠨ ᠭᠤᠣᠯ ᠴᠠᠭᠠᠨ ᠢᠳᠡᠭᠡᠨ ᠤ ᠪᠦᠲᠦᠭᠡᠭᠳᠡᠬᠦᠨ ᠢ ᠮᠦᠷᠳᠡᠨ ᠨᠡᠬᠡᠮᠵᠢᠯᠡᠬᠦ ᠰᠢᠰᠲ᠋ᠧᠮ ᠳᠤ | ᠣᠷᠣᠵᠤ᠂ ᠲᠦᠭᠦᠬᠡᠢ ᠰᠦ ᠶᠢ ᠦᠢᠯᠡᠳᠪᠦᠷᠢ ᠳᠤ ᠣᠷᠣᠭᠤᠯᠬᠤ᠂ ᠪᠦᠲᠦᠭᠡᠭᠳᠡᠬᠦᠨ ᠢ ᠦᠢᠯᠡᠳᠪᠦᠷᠢᠯᠡᠬᠦ ᠵᠡᠷᠭᠡ ᠮᠡᠳᠡᠭᠡ | ᠵᠠᠩᠭᠢ ᠶᠢ ᠪᠢᠴᠢᠵᠦ ᠣᠷᠣᠭᠤᠯᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠪᠣᠶ ᠪᠦᠬᠦᠢ ᠨᠠᠷᠠᠲᠤ | ᠲᠡᠮᠳᠡᠭ ᠤᠨ ᠪᠦᠲᠦᠭᠡᠭᠳᠡᠬᠦᠨ ᠳᠤ ᠡᠷᠬᠡᠪᠰᠢ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠮᠦᠷᠳᠡᠨ | ᠨᠡᠬᠡᠮᠵᠢᠯᠡᠬᠦ ᠬᠤᠶᠠᠷ ᠬᠡᠮᠵᠢᠯᠲᠦ ᠺᠣᠳ᠋ ᠤᠨ ᠲᠡᠮᠳᠡᠭ ᠢ ᠨᠠᠭᠠᠬᠤ ᠬᠡᠷᠡᠭᠲᠡᠢ᠃ | ︵ᠬᠤᠶᠠᠷ︶ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢ ᠰᠣᠯᠢᠬᠤ᠂ ᠳᠡᠯᠭᠡᠭᠦᠷ ᠢ ᠲᠠᠰ ᠳᠡᠪᠰᠢᠭᠦᠯᠬᠦ᠂ ᠤᠬᠠᠭᠤᠯᠤᠨ | ᠲᠠᠨᠢᠯᠴᠠᠭᠤᠯᠬᠤ᠂ ᠠᠷᠭ᠎ᠠ ᠵᠠᠮ ᠰᠦᠪᠡᠭᠴᠢᠯᠡᠬᠦ ᠵᠡᠷᠭᠡ ᠠᠵᠢᠯ ᠢ ᠥᠷᠨᠢᠭᠦᠯᠵᠦ᠂ ᠪᠦᠲᠦᠭᠡᠭᠳᠡᠬᠦᠨ ᠤ ᠪᠣᠭᠤᠳᠠᠯ ᠪᠠᠭᠯᠠᠭ᠎ᠠ | ᠨᠢ ᠡᠷᠬᠡᠪᠰᠢ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠬᠡᠷᠡᠭᠯᠡᠯᠲᠡ ᠶᠢᠨ ᠵᠢᠷᠤᠮᠵᠢᠯ ᠳᠤ | ᠨᠡᠶᠢᠴᠡᠵᠦ᠂ ᠨᠠᠷᠠᠲᠤ ᠲᠡᠮᠳᠡᠭ ᠤᠨ LOGO ᠶᠢ ᠳᠣᠪᠤᠶᠢᠯᠭᠠᠵᠤ᠂ ᠵᠢᠷᠤᠵᠤ ᠲᠥᠯᠥᠪᠯᠡᠭᠰᠡᠨ ᠪᠣᠭᠤᠳᠠᠯ | ᠪᠠᠭᠯᠠᠭ᠎ᠠ ᠶᠢᠨ ᠥᠯᠢᠭᠡᠷ ᠵᠢᠷᠤᠭ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠷᠠᠲᠤ | ᠲᠡᠮᠳᠡᠭ ᠤᠨ ᠲᠥᠪ᠂ ᠨᠡᠶᠢᠭᠡᠮᠯᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ | ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠳᠠᠷᠤᠮᠠᠯᠯᠠᠵᠤ ᠪᠣᠯᠣᠨ᠎ᠠ᠃ | ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠲᠦᠭᠡᠭᠳᠡᠬᠦᠨ ᠤ ᠶᠠᠰᠤ ᠴᠢᠨᠠᠷ᠂ | ᠲᠡᠮᠳᠡᠭ ᠤᠨ ᠬᠡᠷᠡᠭᠯᠡᠯᠲᠡ᠂ ᠪᠣᠷᠤᠯᠠᠭᠤᠯᠭ᠎ᠠ ᠶᠢᠨ ᠵᠠᠮ ᠮᠥᠷ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠤᠨ᠂ ᠬᠠᠮᠢᠶ᠎ᠠ | ᠪᠦᠬᠦᠢ ᠮᠡᠳᠡᠭᠡ ᠵᠠᠩᠭᠢ ᠶᠢ ᠬᠠᠷᠢᠭᠤ ᠲᠤᠰᠬᠠᠬᠤ ᠠᠵᠢᠯ ᠢᠶᠠᠨ ᠰᠠᠶᠢᠲᠤᠷ ᠬᠢᠵᠦ᠂ ᠰᠢᠯᠢ ᠶᠢᠨ ᠭᠤᠣᠯ ᠴᠠᠭᠠᠨ | ᠢᠳᠡᠭᠡᠨ ᠤ ᠨᠠᠷᠠᠲᠤ ᠲᠡᠮᠳᠡᠭ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠢ᠃ | ︵ᠳᠥᠷᠪᠡ︶ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ ᠲᠦᠭᠦᠬᠡᠢ ᠰᠦ ᠶᠢ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠵᠢᠴᠢ ᠡᠷᠬᠡ ᠣᠯᠭᠤᠭᠰᠠᠨ ᠪᠦᠲᠦᠭᠡᠭᠳᠡᠬᠦᠨ ᠤ ᠶᠠᠰᠤ ᠴᠢᠨᠠᠷ ᠢ ᠰᠤᠭᠤᠴᠢᠨ ᠪᠠᠶᠢᠴᠠᠭᠠᠭᠰᠠᠨ | ᠮᠡᠳᠡᠭᠦᠯᠦᠯᠲᠡ ᠶᠢ ᠬᠠᠩᠭᠠᠬᠤ ᠬᠡᠷᠡᠭᠲᠡᠢ᠃ | ︵ᠲᠠᠪᠤ︶ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢ ᠬᠡᠷᠡᠭᠯᠡᠭᠰᠡᠨ ᠪᠠᠶᠢᠪᠠᠯ᠂ ᠭᠠᠵᠠᠷ ᠵᠦᠢ ᠶᠢᠨ | ᠢᠯᠡᠷᠬᠡᠶᠢᠯᠡᠯᠲᠦ ᠲᠠᠸᠠᠷ ᠤᠨ ᠲᠡᠮᠳᠡᠭ ᠬᠡᠷᠡᠭᠯᠡᠭᠰᠡᠨ ᠬᠠᠮᠢᠶᠠᠷᠤᠯᠲᠠ ᠶᠢᠨ ᠰᠦᠢᠳᠬᠡᠯ ᠢ ᠲᠣᠭᠲᠠᠭᠠᠯ ᠶᠣᠰᠣᠭᠠᠷ | ᠲᠤᠰᠢᠶᠠᠬᠤ ᠬᠡᠷᠡᠭᠲᠡᠢ᠃ | ︵ᠵᠢᠷᠭᠤᠭ᠎ᠠ︶ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠲᠠᠢ ᠢᠳᠡᠪᠬᠢᠲᠡᠢ ᠬᠠᠮᠵᠢᠯᠴᠠᠨ ᠨᠠᠷᠠᠲᠤ | ᠲᠡᠮᠳᠡᠭ ᠤᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠬᠡᠷᠡᠭᠲᠡᠢ᠃ ᠠᠷᠪᠠ ᠶᠢᠰᠦᠳᠦᠭᠡᠷ ᠵᠦᠢᠯ ᠡᠷᠬᠡ | ᠣᠯᠭᠤᠭᠰᠠᠨ ᠪᠡᠶᠡᠴᠢ ᠴᠣᠭᠴᠠ ᠨᠢ ᠳᠣᠣᠷᠠᠬᠢ ᠳᠦᠷᠢᠮ ᠤᠳ ᠢ ᠵᠢᠷᠤᠮᠯᠠᠬᠤ ᠴᠢᠬᠤᠯᠠᠲᠠᠢ᠄ | ︵ᠨᠢᠭᠡ︶ ᠡᠷᠬᠡ ᠣᠯᠭᠤᠭᠰᠠᠨ ᠭᠤᠣᠯ ᠴᠣᠭᠴᠠ ᠶᠢᠨ ᠪᠦᠲᠦᠭᠡᠭᠳᠡᠬᠦᠨ ᠳᠤ ᠰᠢᠯᠢ ᠶᠢᠨ ᠭᠤᠣᠯ ᠴᠠᠭᠠᠨ | ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ ᠭᠠᠵᠠᠷ ᠵᠦᠢ ᠶᠢᠨ | ᠢᠯᠡᠷᠬᠡᠶᠢᠯᠡᠯᠲᠦ ᠲᠠᠸᠠᠷ ᠤᠨ ᠲᠡᠮᠳᠡᠭ ᠢ ᠬᠡᠷᠡᠭᠯᠡᠵᠦ ᠪᠣᠯᠣᠨ᠎ᠠ᠂ ᠡᠭᠦᠨ ᠳᠤ ᠠᠶᠢᠮᠠᠭ ᠤᠨ ᠳᠣᠲᠣᠷᠠᠬᠢ ᠰᠦ ᠪᠠᠷ | ᠦᠢᠯᠡᠳᠦᠭᠰᠡᠨ ᠬᠤᠷᠤᠳ᠂ ᠴᠤᠷ᠎ᠠ᠂ ᠪᠢᠰᠢᠯᠠᠭ᠂ ᠠᠭᠠᠷᠴᠠ ᠵᠢᠴᠢ ᠲᠡᠭᠦᠨ ᠠᠴᠠ ᠤᠯᠠᠷᠢᠭᠰᠠᠨ ᠪᠠᠶᠢᠭᠠᠯᠢᠯᠢᠭ | ᠪᠦᠲᠦᠭᠡᠭᠳᠡᠬᠦᠨ ᠳᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠪᠠ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠢ ᠬᠡᠷᠡᠭᠯᠡᠵᠦ ᠪᠣᠯᠣᠨ᠎ᠠ︔ ᠪᠤᠰᠤᠳ ᠴᠠᠭᠠᠨ ᠢᠳᠡᠭᠡᠨ ᠤ ᠪᠦᠲᠦᠭᠡᠭᠳᠡᠬᠦᠨ ᠳᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠡᠷᠡᠭᠯᠡᠬᠦ ᠶᠢᠨ ᠬᠠᠮᠲᠤ ᠪᠦᠲᠦᠭᠡᠭᠳᠡᠬᠦᠨ ᠤ ᠲᠥᠷᠥᠯ | ᠵᠦᠢᠯ ᠢ ᠦᠨᠳᠦᠰᠦᠯᠡᠨ ᠭᠠᠳᠠᠷ ᠪᠣᠭᠤᠳᠠᠯ ᠳᠡᠭᠡᠷ᠎ᠡ ︽ᠰᠢᠯᠢ ᠶᠢᠨ ᠭᠤᠣᠯ ᠴᠠᠭᠠᠨ ᠢᠳᠡᠭᠡᠨ ︵ᠤᠯᠠᠮᠵᠢᠯᠠᠯᠲᠤ︶︾ ᠪᠠ | ︽ᠰᠢᠯᠢ ᠶᠢᠨ ᠭᠤᠣᠯ ᠴᠠᠭᠠᠨ ᠢᠳᠡᠭᠡᠨ︾ ᠭᠡᠰᠡᠨ ᠥᠰᠥᠭ ᠢ ᠪᠢᠴᠢᠭᠰᠡᠨ ᠪᠠᠶᠢᠬᠤ ᠬᠡᠷᠡᠭᠲᠡᠢ᠃ | ︵ᠬᠤᠶᠠᠷ︶ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠪᠤᠰᠤᠳ ᠲᠤ ᠰᠢᠯᠵᠢᠭᠦᠯᠬᠦ᠂ | ᠬᠤᠳᠠᠯᠳᠤᠬᠤ᠂ ᠵᠢᠭᠡᠯᠡᠭᠦᠯᠬᠦ᠂ ᠪᠡᠯᠡᠭᠯᠡᠵᠦ ᠪᠣᠯᠬᠤ ᠦᠭᠡᠢ᠃ | ᠬᠤᠷᠢᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠬᠡᠷᠡᠭᠯᠡᠬᠦ ᠪᠠᠷ | ᠭᠤᠶᠤᠴᠢᠯᠠᠭᠰᠠᠨ ᠳᠡᠯᠭᠡᠭᠦᠷ ︵ᠡᠯ᠎ᠡ ᠱᠠᠲᠤᠨ ᠠᠴᠠ ᠡᠷᠬᠡ ᠣᠯᠭᠤᠭᠰᠠᠨ ᠪᠠᠭᠲᠠᠨ᠎ᠠ︶ ᠤᠨ ᠨᠡᠷᠡᠶᠢᠳᠦᠯ ᠢ ᠡᠷᠬᠡᠪᠰᠢ | ᠴᠢᠩᠭ᠎ᠠ ᠵᠢᠷᠤᠮᠵᠢᠭᠤᠯᠵᠤ᠂ ᠳᠡᠯᠭᠡᠭᠦᠷ ᠨᠢ ᠨᠢᠭᠡᠳᠦᠯᠲᠡᠢ ᠤᠬᠠᠭᠤᠯᠭ᠎ᠠ ᠰᠣᠷᠳᠠᠯᠴᠢᠯᠠᠭ᠎ᠠ ᠪᠠ ᠫᠠᠶᠢᠰᠠ ᠢᠯᠡᠷᠬᠡᠶᠢᠯᠡᠯ | ᠡᠯᠭᠦᠵᠦ᠂ ᠪᠣᠷᠣᠯᠠᠭᠤᠯᠬᠤ ᠪᠦᠲᠦᠭᠡᠭᠳᠡᠬᠦᠨ ᠨᠢ ᠡᠷᠬᠡᠪᠰᠢ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ | ᠤᠨ ᠪᠦᠲᠦᠭᠡᠭᠳᠡᠬᠦᠨ ᠪᠠᠶᠢᠬᠤ ᠬᠡᠷᠡᠭᠲᠡᠢ᠃ ᠲᠤᠰᠬᠠᠢ ᠡᠵᠡᠩᠨᠡᠯᠲᠡ ᠶᠢᠨ ᠳᠡᠯᠭᠡᠭᠦᠷ ︵ᠲᠤᠰᠬᠠᠢ ᠬᠤᠳᠠᠯᠳᠤᠬᠤ | ᠳᠡᠯᠭᠡᠭᠦᠷ︶ ᠡᠷᠬᠢᠯᠡᠬᠦ ᠳᠤ ᠡᠷᠬᠡᠪᠰᠢ ᠨᠠᠷᠠᠲᠤ ᠲᠡᠮᠳᠡᠭ ᠤᠨ ᠲᠥᠪ ᠵᠢᠴᠢ ᠨᠡᠶᠢᠭᠡᠮᠯᠢᠭ ᠲᠤ ᠭᠤᠶᠤᠴᠢᠯᠠᠨ | ᠳᠠᠩᠰᠠᠯᠠᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠬᠡᠷᠡᠭᠯᠡᠬᠦ ᠪᠠᠷ | ᠭᠤᠶᠤᠴᠢᠯᠠᠭᠰᠠᠨ ᠡᠯᠧᠺᠲᠷᠣᠨ ᠬᠤᠳᠠᠯᠳᠤᠭᠠᠨ ︵ᠡᠯ᠎ᠡ ᠱᠠᠲᠤᠨ ᠠᠴᠠ ᠡᠷᠬᠡ ᠣᠯᠭᠤᠭᠰᠠᠨ ᠪᠠᠭᠲᠠᠨ᠎ᠠ︶ ᠤ | ᠨᠡᠷᠡᠶᠢᠳᠦᠯ ᠢ ᠡᠷᠬᠡᠪᠰᠢ ᠴᠢᠩᠭ᠎ᠠ ᠵᠢᠷᠤᠮᠵᠢᠭᠤᠯᠵᠤ᠂ ᠨᠠᠷᠠᠲᠤ ᠲᠡᠮᠳᠡᠭ ᠤᠨ ᠨᠢᠭᠡᠳᠦᠯᠲᠡᠢ ᠲᠡᠮᠳᠡᠭ ᠶᠣᠰᠣᠭᠠᠷ | ᠳᠡᠯᠭᠡᠭᠦᠷ ᠤᠨ ᠵᠢᠷᠤᠭ ᠲᠥᠯᠥᠪᠯᠡᠭᠡ ᠬᠢᠵᠦ᠂ ᠳᠠᠮᠵᠢᠭᠤᠯᠤᠨ ᠪᠣᠷᠣᠯᠠᠭᠤᠯᠬᠤ ᠪᠦᠲᠦᠭᠡᠭᠳᠡᠬᠦᠨ ᠨᠢ ᠡᠷᠬᠡᠪᠰᠢ ᠰᠢᠯᠢ ᠶᠢᠨ | ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠪᠦᠲᠦᠭᠡᠭᠳᠡᠬᠦᠨ ᠪᠠᠶᠢᠬᠤ ᠬᠡᠷᠡᠭᠲᠡᠢ᠃ ᠬᠤᠰᠢᠭᠤᠴᠢ ᠳᠡᠯᠭᠡᠭᠦᠷ | ︵ᠰᠦ᠋ᠯᠵᠢᠶᠡᠨ ᠳᠡᠯᠭᠡᠭᠦᠷ︶ ᠢ ᠪᠠᠶᠢᠭᠤᠯᠬᠤ ᠳᠤ ᠡᠷᠬᠡᠪᠰᠢ ᠨᠡᠷᠡᠲᠦ ᠲᠡᠮᠳᠡᠭ ᠤᠨ ᠲᠥᠪ ᠵᠢᠴᠢ ᠨᠡᠶᠢᠭᠡᠮᠯᠢᠭ ᠲᠤ | ᠭᠤᠶᠤᠴᠢᠯᠠᠨ ᠳᠠᠩᠰᠠᠯᠠᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ | ᠪᠦᠯᠬᠦᠮ ᠵᠢᠴᠢ ᠰᠣᠶᠣᠯ᠂ ᠵᠢᠭᠤᠯᠴᠢᠯᠠᠯ᠂ ᠢᠳᠡᠭᠡᠨ ᠤᠮᠳᠠᠭᠠᠨ᠂ ᠡᠳ᠋ ᠪᠠᠷᠠᠭᠠᠨ ᠤ ᠭᠦᠢᠯᠭᠡᠭᠡ᠂ ᠪᠣᠷᠤᠯᠠᠭᠤᠯᠭ᠎ᠠ ᠵᠡᠷᠭᠡ | ᠦᠢᠯᠡᠴᠢᠯᠡᠭᠡᠨ ᠤ ᠬᠡᠯᠪᠡᠷᠢ ᠶᠢᠨ ᠭᠤᠣᠯ ᠴᠣᠭᠴᠠ ᠪᠤᠶᠤ ᠬᠤᠪᠢ ᠬᠥᠮᠥᠨ᠂ ᠰᠢᠯᠢ ᠶᠢᠨ ᠭᠤᠣᠯ ᠴᠠᠭᠠᠨ ᠢᠳᠡᠭᠡᠨ ᠤ | ᠨᠠᠷᠠᠲᠤ ᠲᠡᠮᠳᠡᠭ ᠢ ᠬᠡᠷᠡᠭᠯᠡᠨ ᠤᠬᠠᠭᠤᠯᠬᠤ᠂ ᠳᠡᠯᠭᠡᠷᠡᠭᠦᠯᠬᠦ᠂ ᠡᠯᠰᠡᠨ ᠴᠤᠭᠯᠠᠭᠤᠯᠬᠤ᠂ ᠤᠷᠤᠯᠳᠤᠭᠠᠨ ᠬᠢᠬᠦ᠂ ᠪᠤᠶᠠᠨ ᠤ | ᠦᠢᠯᠡ ᠬᠢᠬᠦ᠂ ᠬᠤᠳᠠᠯᠳᠤᠭ᠎ᠠ ᠵᠡᠷᠭᠡ ᠠᠵᠢᠯᠯᠠᠭ᠎ᠠ ᠬᠢᠬᠦ ᠳᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠠᠶᠢᠳᠠᠯ ᠢ | ᠨᠢ ᠦᠵᠡᠵᠦ ᠪᠠᠶᠢᠭᠠᠳ ᠨᠠᠷᠠᠲᠤ ᠲᠡᠮᠳᠡᠭ ᠤᠨ ᠲᠥᠪ ᠵᠢᠴᠢ ᠨᠡᠶᠢᠭᠡᠮᠯᠢᠭ ᠲᠤ ᠭᠤᠶᠤᠴᠢᠯᠠᠨ ᠳᠠᠩᠰᠠᠯᠠᠭᠤᠯᠵᠤ᠂ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠤᠶᠤᠴᠢᠯᠠᠨ ᠳᠠᠩᠰᠠᠯᠠᠭᠤᠯᠤᠭᠰᠠᠨ ᠦᠭᠡᠢ ᠪᠣᠯ ᠰᠢᠯᠢ ᠶᠢᠨ | ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠃ | ᠲᠠᠪᠤᠳᠤᠭᠠᠷ ᠪᠦᠯᠦᠭ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠨᠠᠷᠠᠲᠤ ᠲᠡᠮᠳᠡᠭ ᠤᠨ ᠡᠷᠬᠡ ᠣᠯᠭᠤᠬᠤ ᠳᠤ ᠣᠨ ᠤ ᠪᠠᠶᠢᠴᠠᠭᠠᠯᠲᠠ ᠶᠢᠨ | ᠳᠦᠷᠢᠮ ᠬᠡᠷᠡᠭᠵᠢᠭᠦᠯᠵᠦ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠨᠢ ᠡᠷᠬᠡ ᠣᠯᠭᠤᠭᠰᠠᠨ ᠭᠤᠣᠯ ᠴᠣᠭᠴᠠ ᠶᠢᠨ | ᠬᠡᠯᠡᠯᠴᠡᠭᠡᠷ ᠬᠡᠷᠡᠭᠵᠢᠭᠦᠯᠦᠭᠰᠡᠨ ᠪᠠᠶᠢᠳᠠᠯ ᠳᠤ ᠵᠢᠯ ᠪᠦᠷᠢ ᠪᠠᠶᠢᠴᠠᠭᠠᠯᠲᠠ ᠬᠢᠵᠦ᠂ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠪᠠᠶᠢᠪᠠᠯ ᠦᠷᠭᠦᠯᠵᠢᠯᠡᠨ ᠡᠷᠬᠡ ᠣᠯᠭᠤᠨ᠎ᠠ︔ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ | ᠪᠠᠶᠢᠪᠠᠯ᠂ ︽ᠨᠠᠷᠠᠲᠤ ᠲᠡᠮᠳᠡᠭ ᠤᠨ ᠬᠡᠷᠡᠭᠯᠡᠬᠦ ᠦᠨᠡᠮᠯᠡᠯ︾ ᠢ ᠬᠤᠷᠢᠶᠠᠨ ᠠᠪᠬᠤ ᠶᠢᠨ ᠬᠠᠮᠲᠤ ᠨᠠᠷᠠᠲᠤ ᠲᠡᠮᠳᠡᠭ ᠤᠨ | ᠡᠷᠬᠡ ᠣᠯᠭᠤᠵᠤ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | ᠬᠤᠷᠢᠨ ᠳᠥᠷᠪᠡᠳᠦᠭᠡᠷ ᠵᠦᠢᠯ ᠡᠷᠬᠡ ᠣᠯᠭᠤᠭᠰᠠᠨ ᠭᠤᠣᠯ ᠴᠣᠭᠴᠠ ᠨᠢ ᠡᠵᠡᠩᠨᠡᠨ ᠪᠣᠷᠣᠯᠠᠭᠤᠯᠬᠤ | ᠶᠠᠪᠤᠴᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ | ᠤᠨ ᠡᠷᠬᠡ ᠣᠯᠭᠤᠭᠰᠠᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | ︵ᠨᠢᠭᠡ︶ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠠᠰᠠᠭᠤᠳᠠᠯ ᠭᠠᠷᠤᠭᠰᠠᠨ︔ ᠵᠠᠩᠭᠢᠯᠠᠭ᠎ᠠ ᠶᠢᠨ | ᠴᠢᠨᠠᠷᠲᠠᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠠᠰᠠᠭᠤᠳᠠᠯ ᠣᠷᠣᠰᠢᠵᠤ᠂ ᠪᠦᠲᠦᠭᠡᠭᠳᠡᠬᠦᠨ ᠤ ᠶᠠᠰᠤ | ᠴᠢᠨᠠᠷ ᠨᠢ ᠰᠢᠯᠢ ᠶᠢᠨ ᠭᠤᠣᠯ ᠴᠠᠭᠠᠨ ᠢᠳᠡᠭᠡᠨ ᠤ ᠬᠠᠮᠢᠶ᠎ᠠ ᠪᠦᠬᠦᠢ ᠪᠠᠷᠢᠮᠵᠢᠶᠠᠨ ᠠᠴᠠ ᠳᠣᠣᠷ᠎ᠠ ᠪᠠᠶᠢᠬᠤ᠃ | ︵ᠬᠤᠶᠠᠷ︶ ᠪᠦᠲᠦᠭᠡᠭᠳᠡᠬᠦᠨ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠢᠳᠡᠭᠡᠨ ᠤ ᠠᠮᠤᠷ ᠲᠦᠪᠰᠢᠨ ᠤ | ᠪᠠᠷᠢᠮᠵᠢᠶᠠᠨ ᠳᠤ ᠨᠡᠶᠢᠴᠡᠬᠦ ᠦᠭᠡᠢ ᠪᠤᠶᠤ ᠮᠠᠯ ᠤᠨ ᠡᠮ ᠤᠨ ᠦᠯᠡᠳᠡᠭᠳᠡᠯ᠂ ᠮᠧᠯᠡᠮᠢᠨ ᠵᠡᠷᠭᠡ ᠬᠤᠣᠷ ᠬᠥᠨᠥᠭᠡᠯᠳᠦ | ᠴᠢᠨᠠᠷ ᠤᠨ ᠭᠦᠢᠴᠡᠳᠬᠡᠯ ᠲᠤᠭ᠎ᠠ ᠶᠢ ᠪᠠᠶᠢᠴᠠᠭᠠᠵᠤ ᠭᠠᠷᠭᠠᠭᠰᠠᠨ︔ ᠭᠤᠷᠪᠠᠨ ᠵᠢᠯ ᠪᠤᠶᠤ ᠲᠤᠰ ᠵᠢᠯ ᠳᠠᠷᠠᠭᠠᠯᠠᠨ | ᠭᠤᠷᠪᠠᠨ ᠪᠦᠯᠦᠭ ᠤᠳᠠᠭᠠᠨ ᠤ ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ | ᠪᠠᠶᠢᠬᠤ᠃ | ︵ᠭᠤᠷᠪᠠ︶ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢ ᠵᠥᠷᠢᠴᠡᠵᠦ᠂ ᠡᠷᠬᠡ ᠳᠤ | ᠬᠠᠯᠳᠠᠭᠰᠠᠨ ᠵᠠᠭᠠᠯᠳᠤᠯᠭ᠎ᠠ ᠳᠤ ᠤᠴᠠᠷᠠᠵᠤ᠂ ᠪᠠᠶᠢᠴᠠᠭᠠᠨ ᠲᠣᠳᠣᠯᠠᠭᠰᠠᠨ ᠨᠢ ᠦᠨᠡᠨ ᠪᠣᠳᠠᠲᠠᠢ ᠪᠠᠶᠢᠬᠤ︔ ᠲᠠᠸᠠᠷ ᠤᠨ | ᠲᠡᠮᠳᠡᠭ ᠤᠨ ᠡᠷᠬᠡ ᠳᠤ ᠬᠠᠯᠳᠠᠭᠰᠠᠨ᠂ ᠢᠲᠡᠭᠡᠯ ᠠᠯᠳᠠᠭᠰᠠᠨ ᠵᠢᠴᠢ ᠵᠠᠰᠠᠭ ᠵᠠᠬᠢᠷᠭᠠᠨ ᠤ ᠰᠢᠳᠬᠡᠯ ᠣᠯᠣᠭᠰᠠᠨ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠤᠭᠰᠠᠨ ᠪᠠᠶᠢᠬᠤ᠃ | ︵ᠳᠥᠷᠪᠡ︶ ᠠᠶᠢᠮᠠᠭ ᠤᠨ ᠳᠣᠲᠣᠷᠠᠬᠢ ᠲᠦᠭᠦᠬᠡᠢ ᠰᠦ ᠶᠢ ᠬᠡᠷᠡᠭᠯᠡᠭᠰᠡᠨ ᠬᠠᠷᠢᠴᠠᠯ ᠨᠢ 50% ᠠᠴᠠ ᠳᠣᠣᠷ᠎ᠠ | ᠪᠤᠶᠤ ᠨᠠᠷᠠᠲᠤ ᠲᠡᠮᠳᠡᠭ ᠤᠨ ᠪᠦᠲᠦᠭᠡᠭᠳᠡᠬᠦᠨ ᠤ ᠭᠠᠷᠤᠯᠲᠠ ᠨᠢ ᠲᠦᠭᠦᠬᠡᠢ ᠰᠦ ᠶᠢᠨ ᠪᠣᠯᠪᠠᠰᠤᠷᠠᠭᠤᠯᠵᠤ ᠪᠣᠯᠬᠤ | ᠬᠡᠮᠵᠢᠶᠡᠨ ᠠᠴᠠ ᠬᠡᠲᠦᠷᠡᠭᠰᠡᠨ ᠮᠥᠷᠲᠡᠭᠡᠨ ᠵᠦᠢ ᠵᠣᠬᠢᠰᠲᠠᠢ ᠲᠠᠶᠢᠯᠪᠤᠷᠢ ᠬᠢᠵᠦ ᠳᠡᠶᠢᠯᠬᠦ ᠦᠭᠡᠢ ᠪᠣᠯᠤᠭᠰᠠᠨ᠃ | ︵ᠲᠠᠪᠤ︶ ᠪᠣᠭᠤᠳᠠᠯᠯᠠᠵᠤ ᠬᠢᠭᠰᠡᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠮᠥᠷᠲᠡᠭᠡᠨ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ᠃ | ︵ᠵᠢᠷᠭᠤᠭ᠎ᠠ︶ ᠶᠠᠰᠤ ᠴᠢᠨᠠᠷ ᠢ ᠮᠦᠷᠳᠡᠨ ᠨᠡᠬᠡᠮᠵᠢᠯᠡᠬᠦ ᠪᠠ ᠨᠠᠷᠠᠲᠤ ᠲᠡᠮᠳᠡᠭ ᠤᠨ ᠤᠬᠠᠭᠤᠯᠭ᠎ᠠ ᠶᠢ ᠱᠠᠭᠠᠷᠳᠠᠯᠭ᠎ᠠ | ᠶᠣᠰᠣᠭᠠᠷ ᠥᠷᠨᠢᠭᠦᠯᠦᠭᠰᠡᠨ ᠦᠭᠡᠢ᠃ | ︵ᠳᠣᠯᠤᠭ᠎ᠠ︶ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠳᠤᠷ᠎ᠠ ᠪᠠᠷ ᠢᠶᠠᠨ ᠰᠢᠯᠵᠢᠭᠦᠯᠦᠨ | ᠥᠭᠭᠦᠭᠰᠡᠨ᠂ ᠬᠤᠳᠠᠯᠳᠤᠭᠰᠠᠨ᠂ ᠵᠢᠭᠡᠯᠡᠭᠦᠯᠦᠭᠰᠡᠨ᠂ ᠪᠡᠯᠡᠭᠯᠡᠭᠰᠡᠨ᠃ | ︵ᠨᠠᠢᠮᠠ︶ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠨᠡᠷ᠎ᠡ ᠬᠦᠨᠳᠦ ᠶᠢ ᠨᠥᠯᠥᠭᠡᠯᠡᠭᠰᠡᠨ | ᠪᠤᠰᠤᠳ ᠦᠢᠯᠡ ᠠᠵᠢᠯᠯᠠᠭ᠎ᠠ᠃ | ᠡᠷᠬᠡ ᠣᠯᠭᠤᠭᠰᠠᠨ ᠭᠤᠣᠯ ᠴᠣᠭᠴᠠ ᠨᠢ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠬᠡᠷᠡᠭᠯᠡᠬᠦ | ᠪᠠᠨ ᠬᠦᠴᠦᠨ ᠦᠭᠡᠢ ᠪᠣᠯᠭᠠᠬᠤ ᠪᠤᠶᠤ ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠦᠭᠡᠢ ᠪᠣᠯ᠂ ᠡᠷᠬᠡᠪᠰᠢ ︽ᠨᠠᠷᠠᠲᠤ | ᠲᠡᠮᠳᠡᠭ ᠬᠡᠷᠡᠭᠯᠡᠬᠦ ᠦᠨᠡᠮᠯᠡᠯ︾ ᠬᠢᠭᠡᠳ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠢ ᠪᠤᠴᠠᠭᠠᠬᠤ ᠬᠡᠷᠡᠭᠲᠡᠢ︔ | ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠬᠡᠷᠡᠭᠯᠡᠬᠦ ᠪᠠᠨ ᠬᠦᠴᠦᠨ ᠦᠭᠡᠢ ᠪᠣᠯᠭᠠᠬᠤ ᠪᠤᠶᠤ | ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠦᠭᠡᠢ ᠪᠣᠯ᠂ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠢᠯᠡ ᠮᠡᠳᠡᠭᠳᠡᠨ᠎ᠡ᠃ | | ᠬᠤᠷᠢᠨ ᠲᠠᠪᠤᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠤᠯᠤᠰ ᠤᠨ ᠬᠠᠤᠯᠢ | ᠴᠠᠭᠠᠵᠠ ᠪᠠᠷ ᠬᠠᠮᠠᠭᠠᠯᠠᠨ᠎ᠠ᠂ ᠬᠡᠷᠪᠡ ᠡᠷᠬᠡ ᠣᠯᠭᠤᠭᠰᠠᠨ ᠭᠤᠣᠯ ᠴᠣᠭᠴᠠ ᠶᠢᠨ ᠦᠢᠯᠡ ᠠᠵᠢᠯᠯᠠᠭ᠎ᠠ ᠨᠢ ᠰᠢᠯᠢ ᠶᠢᠨ | ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠲᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠢ ᠦᠷᠭᠦᠯᠵᠢᠯᠡᠨ ᠬᠡᠷᠡᠭᠯᠡᠵᠦ ᠪᠣᠯᠬᠤ ᠦᠭᠡᠢ᠂3 ᠵᠢᠯ ᠤᠨ | ᠳᠣᠲᠣᠷ᠎ᠠ ᠲᠣᠰ ᠭᠤᠣᠯ ᠴᠣᠭᠴᠠ ᠶᠢᠨ ᠬᠡᠷᠡᠭᠯᠡᠬᠦ ᠭᠤᠶᠤᠴᠢᠯᠠᠯ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ | ᠦᠭᠡᠢ︔ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ | ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠮᠡᠳᠡᠭᠳᠡᠨ᠎ᠡ᠃ ᠡᠯ᠎ᠡ ᠲᠥᠷᠥᠯ ᠵᠦᠢᠯ᠂ ᠲᠥᠷᠥ ᠶᠢᠨ ᠪᠣᠳᠣᠯᠭ᠎ᠠ ᠶᠢᠨ | ᠪᠡᠯᠡ ᠮᠥᠩᠭᠦ ᠭᠤᠶᠤᠴᠢᠯᠠᠬᠤ ᠳᠤ ᠲᠣᠬᠢᠷᠠᠭᠤᠯᠬᠤ ᠦᠭᠡᠢ᠂ ᠬᠠᠤᠯᠢ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ | ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠵᠢᠷᠭᠤᠳᠤᠭᠠᠷ ᠵᠦᠢᠯ ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠡᠵᠡᠩᠨᠡᠯᠲᠡ᠂ | ᠬᠢᠨᠠᠯᠲᠠ ᠬᠠᠮᠢᠶᠠᠷᠤᠯᠲᠠ ᠳᠤ ᠣᠷᠣᠯᠴᠠᠭᠰᠠᠨ ᠠᠵᠢᠯᠲᠠᠳ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠨ᠂ ᠠᠵᠢᠯ ᠤᠨ ᠳᠤᠮᠳᠠ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠪᠡᠯ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ᠬᠤᠷᠢᠨ ᠳᠣᠯᠣᠳᠤᠭᠠᠷ ᠵᠦᠢᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠡᠷ᠎ᠡ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠲᠥᠪ ᠵᠢᠴᠢ | ᠠᠶᠢᠮᠠᠭ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠦᠭᠦᠳ ᠣᠷᠳᠣ ᠬᠤᠭᠤᠴᠠᠭᠠᠨ ᠤ | ᠢᠯᠡᠴᠢᠯᠡᠨ ᠮᠡᠳᠡᠭᠦᠯᠬᠦ ᠲᠣᠭᠲᠠᠴᠠ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠯᠢ ᠶᠢᠨ ᠭᠤᠣᠯ | ᠴᠠᠭᠠᠨ ᠢᠳᠡᠭᠡᠨ ᠤ ᠨᠠᠷᠠᠲᠤ ᠲᠡᠮᠳᠡᠭ ᠤᠨ ᠡᠵᠡᠩᠨᠡᠯᠲᠡ᠂ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ | ᠲᠠᠯᠪᠢᠬᠤ ᠶᠢ ᠬᠦᠯᠢᠶᠡᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠶᠢ ᠠᠶᠢᠮᠠᠭ ᠤᠨ ᠨᠡᠷ᠎ᠡ ᠲᠡᠮᠳᠡᠭᠲᠦ ᠶᠢᠨ ᠪᠠᠶᠢᠭᠤᠯᠤᠯᠲᠠ ᠶᠢ | ᠠᠬᠢᠭᠤᠯᠬᠤ ᠲᠥᠪ ᠬᠢᠭᠡᠳ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠠᠴᠠ ᠬᠠᠷᠢᠭᠤᠴᠠᠨ ᠲᠠᠶᠢᠯᠪᠤᠷᠢᠯᠠᠵᠤ᠂ | 2024 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠬᠦᠴᠦᠨ ᠲᠠᠢ ᠪᠣᠯᠭᠠᠨ᠎ᠠ᠃ | ᠤᠤᠯ ᠤᠨ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠤᠨ 2022 ᠣᠨ ᠤ 9 ᠳ᠋ᠦ᠋ᠭᠡᠷ | ᠰᠠᠷ᠎ᠠ ᠶᠢᠨ 20 ᠤ ᠡᠳᠦᠷ ᠨᠡᠶᠢᠲᠡᠯᠡᠭᠰᠡᠨ ︽ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠲᠤ ᠡᠷᠬᠡ | ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠠᠮᠲᠤ ᠳᠤᠨᠢ ᠬᠦᠴᠦᠨ ᠦᠭᠡᠢ | ᠪᠣᠯᠭᠠᠨ᠎ᠠ᠃ | |