ᠪᠠᠷᠠᠭᠤᠨ ᠦᠵᠦᠮᠦᠴᠢᠨ ᠬᠤᠰᠢᠭᠤ ᠭᠤᠣᠯᠳᠠᠯᠭ᠎ᠠ ᠲᠠᠢ ᠲᠥᠷᠥᠯ ᠵᠦᠢᠯ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
     8 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠶᠢ ᠴᠢᠩᠭ᠎ᠠ ᠠᠳᠬᠤᠨ᠂ ᠵᠠᠩᠭᠢᠯᠠᠭ᠎ᠠ ᠶᠢ ᠡᠵᠡᠮᠳᠡᠵᠦ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠭᠰᠠᠨ ᠪᠠᠶᠢᠨ᠎ᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
    ᠬᠤᠷᠠᠯ ᠳᠤ ᠣᠷᠣᠯᠴᠠᠭᠰᠠᠳ ᠪᠠᠷᠠᠭᠤᠨ ᠦᠵᠦᠮᠦᠴᠢᠨ ᠬᠤᠰᠢᠭᠤᠨ ᠤ ᠵᠠᠮ ᠤᠨ ᠭᠡᠷᠡᠯᠲᠦᠭᠦᠯᠭᠡ ᠶᠢᠨ ᠥᠭᠡᠷᠡᠴᠢᠯᠡᠯᠲᠡ ᠶᠢᠨ ᠲᠥᠷᠥᠯ ᠵᠦᠢᠯ ᠂ ︽ᠴᠠᠭᠠᠨ ᠠᠳᠤᠭᠤᠨ ᠰᠣᠶᠣᠯ︾ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠶᠢᠨ ᠲᠤᠰᠬᠠᠢ ᠵᠠᠮ ᠵᠢᠴᠢ ᠳᠠᠭᠠᠯᠲᠠ ᠲᠥᠬᠦᠭᠡᠷᠦᠮᠵᠢ ᠶᠢᠨ ᠢᠨᠵᠧᠨᠧᠷᠢᠩ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠲᠠᠯᠠᠪᠠᠶ᠂ ᠬᠤᠭᠤᠯᠠᠲᠤ ᠶᠢᠨ ᠭᠤᠣᠯ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠪᠠᠶ᠋ᠬᠠᠠᠭᠤᠯᠠ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠪᠡᠶ᠎ᠡ ᠲᠠᠮᠢᠷ ᠤᠨ ᠴᠡᠴᠡᠷᠯᠢᠭ᠂ ᠭᠤᠷᠣᠬᠠᠨ ᠵᠡᠭᠡᠯᠢ ᠠᠴᠠ ᠵᠡᠭᠦᠨ ᠲᠣᠭᠤᠷᠢᠯ ᠵᠠᠮ ᠬᠦᠷᠬᠦ ᠵᠠᠮ ᠤᠨ ᠳᠠᠭᠠᠯᠲᠠ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠢ ᠾᠧ ᠸᠠᠨ ᠶᠡᠭᠡ ᠪᠠᠭᠤᠳᠠᠯ ᠤᠨ ᠲᠥᠷᠥᠯ ᠵᠦᠢᠯ᠂ ᠼᠤᠤ ᠶᠤᠸᠠᠨ ᠰᠢᠨ ᠨᠢᠦ  ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠢᠬᠠᠨ ᠤ ᠦᠬᠡᠷ ᠪᠣᠷᠳᠣᠬᠤ ᠲᠥᠷᠥᠯ ᠵᠦᠢᠯ᠂ ᠪᠠᠶᠠᠨᠬᠤᠸᠠ ᠭᠠᠯ ᠤᠨᠲᠠᠷᠠᠭᠠᠬᠤ ᠣᠨᠴᠠ ᠦᠢᠯᠡᠴᠢᠯᠡᠭᠡᠨ ᠤ ᠥᠷᠲᠡᠭᠡ᠂ ᠥᠪᠥᠷ ᠮᠣᠩᠭᠤᠯ ᠤᠨ ᠴᠠᠬᠢᠭᠤᠷ ᠴᠡᠪᠡᠷ ᠡᠯᠡᠰᠦ  ᠪᠣᠯᠪᠠᠰᠤᠷᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ᠂ ᠶᠢᠨ ᠲᠢᠶᠠᠨ ᠹᠯᠣᠷᠲᠤ ᠤᠰᠤᠲᠥ᠋ᠷᠥᠭᠴᠢ ᠶᠢᠨ ᠲᠥᠷᠥᠯ ᠵᠦᠢᠯ᠂ ᠪᠠᠶᠠᠨᠬᠤᠸᠠ ᠠᠶᠤᠯᠲᠠᠢ ᠬᠢᠮᠢ ᠶᠢᠨ ᠪᠣᠳᠠᠰ ᠤᠨ ᠮᠠᠰᠢᠨ ᠲᠡᠷᠭᠡᠨ ᠤ ᠲᠤᠰᠬᠠᠢ ᠵᠣᠭᠰᠣᠭᠠᠯ᠂ ᠳ᠋ᠦᠩ ᠯᠢᠶᠠᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠠ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ᠂ ᠪᠠᠶᠠᠨᠬᠤᠸᠠ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠲᠥᠷᠥᠯ ᠵᠦᠢᠯ᠂ ᠶᠤᠸᠠᠨ ᠹᠧᠩ ᠠᠵᠤ ᠦᠢᠯᠡᠰ ᠤᠨ ᠵᠢᠯ ᠳᠤ 20 ᠲᠦᠮᠡᠨ ᠲᠣᠨ ᠴᠣᠬᠤᠶᠢᠳᠠᠭᠰᠠᠨ ᠵᠤᠭᠠᠩ ᠡᠯᠡᠰᠦᠨ ᠡᠭᠡᠳᠡᠩ ᠦᠢᠯᠡᠳᠪᠦᠷᠢᠯᠡᠬᠦ ᠲᠥᠷᠥᠯ ᠵᠦᠢᠯ᠂ ᠰᠦ᠋ ᠨᠧᠩ ᠪᠠᠶᠠᠨᠬᠤᠸᠠ 2 × 66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠬᠦᠷᠴᠦ ᠡᠯ᠎ᠡ ᠢᠨᠵᠧᠨᠧᠷᠢᠩ ᠪᠣᠯᠣᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠷᠠᠯ ᠳᠤ ᠣᠷᠣᠯᠴᠠᠭᠰᠠᠳ ᠲᠣᠭᠤᠷᠢᠨ ᠦᠵᠡᠬᠦ ᠶᠢᠨ ᠬᠠᠮᠲᠤ ᠲᠤᠬᠠᠢ ᠶᠢᠨ ᠲᠠᠯᠠᠪᠠᠢ ᠳᠤ ᠰᠤᠳᠤᠯᠤᠨ ᠶᠠᠷᠢᠯᠴᠠᠵᠤ᠂ ᠲᠦᠷᠦᠯ ᠵᠦᠢᠯ ᠤᠨ ᠣᠳᠣᠬᠢ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠠᠷᠢᠨ ᠨᠢᠭᠲᠠ ᠰᠤᠳᠤᠯᠵᠤ᠂ ᠰᠢᠢᠳᠪᠦᠷᠢᠯᠡᠬᠦ ᠲᠥᠰᠥᠯ ᠳᠤᠷᠠᠳᠪᠠ᠃
    ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠯ ᠤᠨ ᠡᠬᠢᠨ ᠠᠴᠠ ᠨᠠᠰᠢ ᠪᠦᠬᠦ ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠪᠠᠷ᠂ ᠪᠦᠬᠦ ᠬᠤᠰᠢᠭᠤᠨ ᠤ ᠡᠯ᠎ᠡ ᠬᠦᠷᠢᠶᠡᠨ ᠤ ᠭᠤᠣᠯᠳᠠᠯᠭ᠎ᠠ ᠲᠠᠢ ᠲᠥᠷᠥᠯ ᠵᠦᠢᠯ ᠪᠣᠯᠣᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢ ᠪᠣᠳᠠᠲᠤ ᠠᠮᠵᠢᠯᠲᠠ ᠪᠠᠷ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠰᠠ ᠠᠰᠠᠭᠤᠳᠠᠯ ᠳᠤ ᠵᠥᠪ ᠢᠶᠠᠷ  ᠬᠠᠨᠳᠤᠨ᠂ ᠦᠷᠭᠦᠯᠵᠢᠯᠡᠨ ᠴᠢᠷᠮᠠᠶᠢᠨ ᠠᠵᠢᠯᠯᠠᠵᠤ᠂ ᠬᠥᠭᠵᠢᠯᠲᠡ ᠶᠢᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠢ ᠪᠣᠳᠣᠯᠬᠢᠯᠠᠨ᠂ ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠰᠢᠨᠡᠴᠢᠯᠡᠵᠦ ᠠᠷᠭ᠎ᠠ ᠬᠡᠮᠵᠢᠶ᠎ᠡ ᠪᠠᠨ ᠰᠠᠶᠢᠵᠢᠷᠠᠭᠤᠯᠤᠨ᠂ ᠰᠢᠪᠲᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠵᠦᠢᠯ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠦᠴᠦᠯᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠡᠢ᠃
   ᠣᠶᠢᠯᠠᠭᠠᠭᠰᠠᠨ ᠢᠶᠠᠷ᠂ 2024 ᠣᠨ ᠳᠤ᠂ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠳᠤ 75.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠲᠣᠬᠢᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠭᠦᠯᠬᠦ ᠪᠠᠷ ᠲᠥᠯᠥᠪᠯᠡᠵᠦ ᠪᠣᠶ᠃ 1 - 7 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 54.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 76.2% ᠨᠡᠮᠡᠭᠳᠡᠭᠦᠯᠦᠨ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ ᠢᠶᠠᠨ 72.3% ᠶᠢ ᠨᠢᠭᠡᠨᠲᠡ ᠪᠡᠶᠡᠯᠡᠭᠦᠯᠵᠦ᠂ ᠪᠦᠬᠦ ᠵᠢᠢᠯ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 20% ᠠᠴᠠ ᠳᠡᠭᠡᠭᠰᠢ  ᠪᠡᠶᠡᠯᠡᠭᠦᠯᠬᠦ ᠪᠠᠷ ᠵᠢᠱᠢᠵᠦ ᠪᠠᠶᠢᠨ᠎ᠠ᠃ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 96  ᠶᠢ ᠲᠣᠬᠢᠷᠠᠭᠤᠯᠵᠠᠢ᠂ ᠡᠭᠦᠨ ᠳᠤ᠄ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ 15 ︵7 ᠦᠷᠭᠦᠯᠵᠢᠯᠡᠨ ᠪᠠᠶᠢᠭᠤᠯᠬᠤ ᠲᠥᠷᠥᠯ ᠵᠦᠢᠯ᠂ 8 ᠰᠢᠨ᠎ᠡ ᠪᠠᠷ ᠪᠠᠶᠢᠭᠤᠯᠬᠤ ᠲᠥᠷᠥᠯ ᠵᠦᠢᠯ︶᠂ ᠠᠶᠢᠮᠠᠭ ᠤᠨ ᠱᠠᠲᠤᠨ ᠤ ᠨᠥᠭᠡᠴᠡ ᠲᠥᠷᠥᠯ ᠵᠦᠢᠯ 18 ᠪᠠᠶᠢᠵᠤ᠂ ᠬᠤᠰᠢᠭᠤ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ 41 ︵14 ᠦᠷᠭᠦᠯᠵᠢᠯᠡᠨ ᠪᠠᠶᠢᠭᠤᠯᠬᠤ ᠲᠥᠷᠥᠯ ᠵᠦᠢᠯ᠂ 27 ᠰᠢᠨ᠎ᠡ ᠪᠠᠷ ᠪᠠᠶᠢᠭᠤᠯᠬᠤ ᠲᠥᠷᠥᠯ ᠵᠦᠢᠯ︶᠂ ᠬᠤᠰᠢᠭᠤ ᠲᠠᠰ ᠤᠨ ᠨᠥᠭᠡᠴᠡ ᠲᠥᠷᠥᠯ ᠵᠦᠢᠯ 22 ᠪᠣᠢ᠃    ᠣᠳᠣᠬᠠᠨ᠂ ᠠᠶᠢᠮᠠᠭ ᠤᠨ ᠲᠠᠰ ᠵᠢᠴᠢ ᠬᠤᠰᠢᠭᠤ ᠲᠠᠰ ᠤᠨ 45 ᠭᠤᠣᠯᠳᠠᠯᠭ᠎ᠠ ᠲᠠᠢ ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 80% ᠳᠤ ᠬᠥᠷᠪᠡ᠃ ᠡᠭᠦᠨ ᠳᠤ᠄ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ 15 ᠪᠠᠶᠢᠵᠤ᠂ ᠪᠦᠬᠦᠨ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 100% ᠳᠤ ᠬᠥᠷᠪᠡ᠃ ᠬᠤᠰᠢᠭᠤ ᠲᠠᠰ ᠤᠨ 41 ᠭᠤᠣᠯᠳᠠᠯᠭ᠎ᠠ ᠲᠠᠢ ᠲᠥᠷᠥᠯ ᠵᠦᠢᠯ ᠪᠠᠶᠢᠵᠤ᠂ ᠨᠢᠭᠡᠨᠲᠡ 30 ᠲᠥᠷᠥᠯ ᠵᠦᠢᠯ ᠢ ᠠᠵᠢᠯ ᠡᠬᠢᠯᠡᠭᠦᠯᠦᠨ᠂ ᠠᠵᠢᠯ ᠡᠬᠢᠯᠡᠭᠦᠯᠦᠭᠰᠡᠨ ᠨᠣᠷᠮ᠎ᠠ ᠨᠢ 73% ᠳᠤ ᠬᠥᠷᠪᠡ᠃ ᠠᠶᠢᠮᠠᠭ ᠤᠨ ᠲᠠᠰ ᠤᠨ ᠨᠥᠭᠡᠴᠡ ᠲᠥᠷᠥᠯ ᠵᠦᠢᠯ ᠠᠴᠠ 2 ᠲᠥᠷᠥᠯ ᠵᠦᠢᠯ ᠢ ᠠᠵᠢᠯ ᠡᠬᠢᠯᠡᠭᠦᠯᠵᠦ᠂ ᠬᠤᠰᠢᠭᠤ ᠲᠠᠰ ᠤᠨ ᠨᠥᠭᠡᠴᠡ ᠲᠥᠷᠥᠯ ᠵᠦᠢᠯ ᠠᠴᠠ 1 ᠲᠥᠷᠥᠯ ᠵᠦᠢᠯ ᠢ ᠠᠵᠢᠯ  ᠡᠬᠢᠯᠡᠭᠦᠯᠵᠡᠢ᠃ ᠠᠵᠢᠯ ᠡᠬᠢᠯᠡᠭᠦᠯᠦᠭᠡᠳᠦᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠢᠳᠡᠪᠬᠢᠲᠡᠢ ᠠᠬᠢᠭᠤᠯᠵᠤ᠂ ᠵᠢᠯ ᠤᠨ ᠡᠴᠦᠰ ᠪᠣᠯᠲᠠᠯ᠎ᠠ 18 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠵᠢᠱᠢᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号