ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠰᠥᠨᠢᠳ ᠪᠠᠷᠠᠭᠤᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/26
    ᠣᠶᠢᠷ᠎ᠠ ᠶᠢᠨ ᠡᠳᠦᠷ᠂ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠬᠢᠯᠡᠵᠦ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠰᠥᠨᠢᠳ ᠪᠠᠷᠠᠭᠤᠨ ᠬᠤᠰᠢᠭᠤᠨ ᠳᠤ ᠶᠠᠪᠤᠭᠳᠠᠪᠠ᠃           ᠡᠬᠢᠯᠡᠯᠳᠡ ᠶᠢᠨ ᠶᠣᠰᠣᠯᠠᠯ ᠳᠡᠭᠡᠷ᠎ᠡ᠂ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠢᠷᠠᠭᠤ ᠰᠠᠶᠢᠬᠠᠨ ᠳᠠᠭᠤᠤ ᠪᠥᠵᠢᠭ ᠢᠶᠠᠨ ᠡᠷᠭᠦᠵᠡᠢ᠃ ᠳᠠᠷᠠᠭ᠎ᠠ ᠳᠤᠨᠢ ᠬᠢᠨᠠᠨᠴᠢ ᠶᠢᠨ ᠲᠥᠯᠥᠭᠡᠯᠡᠭᠴᠢ᠂ ᠣᠷᠣᠯᠴᠠᠭᠴᠢ ᠶᠢᠨ ᠲᠥᠯᠥᠭᠡᠯᠡᠭᠴᠢ ᠠᠴᠠ ᠲᠤᠬᠠᠢ ᠶᠢᠨ ᠲᠠᠯᠠᠪᠠᠢ ᠳᠤ ᠲᠠᠩᠭᠠᠷᠢᠭ ᠬᠢᠵᠦ᠂ ᠡᠯ᠎ᠡ ᠲᠦᠷᠦᠯ ᠤᠨ ᠤᠷᠤᠯᠳᠤᠭᠠᠨ ᠡᠮᠬᠢ ᠵᠢᠷᠤᠮ ᠲᠠᠢ ᠶᠠᠪᠤᠭᠳᠠᠪᠠ᠃           ᠪᠦᠬᠦ ᠠᠶᠢᠮᠠᠭ ᠤᠨ 14 ᠲᠥᠯᠥᠭᠡᠯᠡᠭᠴᠢᠳ ᠤᠨ ᠪᠦᠯᠬᠦᠮ ᠤᠨ 139 ᠣᠷᠣᠯᠴᠠᠭᠴᠢ ᠤᠷᠤᠯᠳᠤᠭᠠᠨ ᠳᠤ ᠤᠷᠤᠯᠴᠠᠵᠦ᠂ ᠤᠷᠤᠯᠳᠤᠭᠠᠨ ᠢ ᠵᠢᠯᠣᠭᠤᠴᠢ ᠦᠭᠡᠢ ᠨᠢᠰᠬᠡᠯ ᠢ ᠵᠢᠯᠤᠭᠤᠳᠬᠤ᠂ ᠭᠠᠩᠨᠠᠭᠤᠷ ᠤᠨ ᠮᠡᠷᠭᠡᠵᠢᠯ᠂ ᠮᠠᠰᠢᠨ ᠲᠡᠷᠭᠡᠨ ᠤ ᠵᠠᠰᠠᠪᠤᠷᠢ᠂ ᠴᠠᠬᠢᠯᠭᠠᠨ ᠤ ᠮᠡᠷᠭᠡᠵᠢᠯ᠂ ᠴᠠᠭᠠᠨ ᠢᠳᠡᠭᠡᠨ ᠪᠤᠯᠪᠠᠰᠤᠷᠠᠭᠤᠯᠬᠤ᠂ ᠲᠤᠯᠭ᠎ᠠ ᠴᠠᠢ ᠴᠢᠨᠠᠬᠤ᠂ ᠦᠨᠳᠦᠰᠦᠲᠡᠨ ᠤ ᠬᠤᠪᠴᠠᠰᠤ ᠵᠠᠰᠠᠯ᠂ ᠠᠷᠠᠰᠤᠨ ᠰᠡᠶᠢᠯᠦᠮᠡᠯ᠂ ᠮᠣᠳᠣᠨ ᠰᠡᠶᠢᠯᠦᠮᠡᠯ᠂ ᠪᠡᠶ᠎ᠡ ᠶᠢᠨ ᠲᠠᠮᠢᠷ ᠤᠨ ᠵᠢᠯᠣᠭᠤᠳᠤᠭᠴᠢ᠂ ᠨᠠᠰᠤᠲᠠᠶᠢᠴᠤᠳ ᠢ ᠠᠰᠠᠷᠠᠨ ᠰᠤᠪᠢᠯᠠᠬᠤ ᠵᠡᠷᠭᠡ ᠲᠦᠷᠦᠯ ᠬᠤᠪᠢᠶᠠᠨ ᠶᠠᠪᠤᠭᠳᠠᠭᠤᠯᠵᠤ᠂ ᠬᠤᠶᠠᠷ ᠡᠳᠦᠷ ᠤᠨ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ ᠠᠮᠵᠢᠯᠲᠠᠲᠠᠢ ᠥᠨᠳᠥᠷᠯᠡᠪᠡ᠃ ᠡᠯ᠎ᠡ ᠲᠦᠷᠦᠯ ᠤᠨ ᠤᠷᠤᠯᠳᠤᠭᠠᠨ ᠢᠶᠠᠷ᠂ ᠭᠠᠩᠨᠠᠭᠤᠷ ᠤᠨ ᠮᠡᠷᠭᠡᠵᠢᠯ ᠤᠨ ᠤᠷᠤᠯᠳᠤᠭᠠᠨ ᠳᠤ ᠰᠢᠯᠢ ᠶᠢᠨ ᠬᠤᠲᠠ ᠶᠢᠨ ᠰᠢᠤᠸᠠᠢ ᠴᠢᠩ᠂ ᠮᠣᠳᠣᠨ ᠰᠡᠶᠢᠯᠦᠮᠡᠯ ᠤᠨ ᠤᠷᠤᠯᠳᠤᠭᠠᠨ ᠳᠤ ᠰᠥᠨᠢᠳ ᠵᠡᠭᠦᠨ ᠬᠤᠰᠢᠭᠤᠨ ᠤ ᠭᠡᠷᠡᠯᠴᠣᠭᠲᠤ᠂ ᠠᠷᠠᠰᠤᠨ ᠰᠡᠶᠢᠯᠦᠮᠡᠯ ᠤᠨ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠠᠷᠢᠭᠤᠨ᠂ ᠴᠠᠬᠢᠯᠭᠠᠨ ᠤ ᠮᠡᠷᠭᠡᠵᠢᠯ ᠤᠨ ᠤᠷᠤᠯᠳᠤᠭᠠᠨ ᠳᠤ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠣᠣ ᠢᠦᠢ᠂ ᠪᠡᠶ᠎ᠡ ᠶᠢᠨ ᠲᠠᠮᠢᠷ ᠤᠨ ᠵᠢᠯᠣᠭᠤᠳᠤᠭᠴᠢ ᠶᠢᠨ ᠤᠷᠤᠯᠳᠤᠭᠠᠨ ᠳᠤ ᠰᠢᠯᠢ ᠶᠢᠨ ᠬᠤᠲᠠ ᠶᠢᠨ ᠴᠢ ᠾᠤᠩ ᠨᠢᠩ᠂ ᠦᠨᠳᠦᠰᠦᠲᠡᠨ ᠤ ᠬᠤᠪᠴᠠᠰᠤ ᠵᠠᠰᠠᠯ ᠤᠨ ᠤᠷᠤᠯᠳᠤᠭᠠᠨ ᠳᠤ ᠰᠥᠨᠢᠳ ᠪᠠᠷᠠᠭᠤᠨ ᠬᠤᠰᠢᠭᠤᠨ ᠤ ᠮᠥᠩᠭᠦᠨᠭᠡᠷᠡᠯ᠂ ᠲᠤᠯᠭ᠎ᠠ ᠴᠠᠭ ᠴᠢᠨᠠᠬᠤ ᠤᠷᠤᠯᠳᠤᠭᠠᠨ ᠳᠤ ᠠᠪᠠᠭ᠎ᠠ ᠬᠤᠰᠢᠭᠤᠨ ᠤ ᠤᠶᠠᠬᠠᠨ᠂ ᠵᠢᠯᠣᠭᠤᠴᠢ ᠦᠭᠡᠢ ᠨᠢᠰᠬᠡᠯ ᠤᠨ ᠤᠷᠤᠯᠳᠤᠭᠠᠨ ᠳᠤ ᠰᠥᠨᠢᠳ ᠪᠠᠷᠠᠭᠤᠨ ᠬᠤᠰᠢᠭᠤᠨ ᠤ ᠰᠦᠩ ᠵᠢᠶᠠ ᠠᠨ᠂ ᠨᠠᠰᠤᠲᠠᠶᠢᠴᠤᠳ ᠢ ᠠᠰᠠᠷᠠᠨ ᠰᠤᠪᠢᠯᠠᠬᠤ ᠤᠷᠤᠯᠳᠤᠭᠠᠨ ᠳᠤ ᠰᠥᠨᠢᠳ ᠪᠠᠷᠠᠭᠤᠨ ᠬᠤᠰᠢᠭᠤᠨ ᠤ ᠦᠢᠯᠡᠰ᠂ ᠴᠠᠭᠠᠨ ᠢᠳᠡᠭᠡᠨ ᠪᠤᠯᠪᠠᠰᠤᠷᠠᠭᠤᠯᠬᠤ ᠤᠷᠤᠯᠳᠤᠭᠠᠨ ᠳᠤ ᠰᠥᠨᠢᠳ ᠵᠡᠭᠦᠨ ᠬᠤᠰᠢᠭᠤᠨ ᠤ ᠰᠣᠨᠣᠷ᠂ ᠮᠠᠰᠢᠨ ᠲᠡᠷᠭᠡ ᠰᠡᠯᠪᠢᠨ ᠵᠠᠰᠠᠬᠤ ᠤᠷᠤᠯᠳᠤᠭᠠᠨ ᠳᠤ ᠰᠢᠯᠢ ᠶᠢᠨ ᠬᠤᠲᠠ ᠶᠢᠨ ᠪᠠᠭᠠᠲᠤᠷ ᠵᠡᠷᠭᠡ ᠬᠥᠮᠥᠰ ᠲᠤᠰ ᠲᠤᠰ ᠲᠡᠷᠢᠭᠦᠨ ᠨᠡᠷᠡᠰ ᠲᠤ ᠲᠣᠳᠣᠷᠠᠵᠠᠢ᠃           ᠲᠤᠰ ᠤᠳᠠᠭᠠᠨ ᠤ ᠤᠷᠤᠯᠳᠤᠭᠠᠨ ᠨᠢ ᠪᠦᠬᠦ ᠠᠶᠢᠮᠠᠭ ᠤᠨ ᠡᠯ᠎ᠡ ᠲᠦᠷᠦᠯ ᠤᠨ ᠴᠢᠳᠠᠪᠤᠷᠢᠲᠠᠨ ᠳᠤ ᠴᠢᠳᠠᠪᠤᠷᠢ ᠪᠠᠨ ᠬᠠᠷᠠᠭᠤᠯᠬᠤ ᠲᠠᠪᠴᠠᠩ ᠬᠠᠩᠭᠠᠵᠤ᠂ ᠥᠷᠭᠡᠨ ᠤᠯᠠᠨ ᠬᠥᠳᠡᠯᠮᠦᠷᠢᠴᠢᠳ ᠤᠨ ᠤᠷ᠎ᠠ ᠴᠢᠳᠠᠪᠤᠷᠢ ᠶᠢ ᠰᠤᠷᠤᠯᠴᠠᠵᠦ ᠡᠵᠡᠮᠰᠢᠬᠦ᠂ ᠤᠷ᠎ᠠ ᠴᠢᠳᠠᠪᠤᠷᠢ ᠪᠠᠨ ᠲᠡᠭᠡᠭᠰᠢᠯᠡᠬᠦᠯᠬᠦ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠠᠵᠢᠯ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号