︽ᠨᠡᠭᠦᠷᠡᠰᠦᠲᠥᠷᠥᠭᠴᠢ ᠶᠢ ᠲᠣᠭᠲᠠᠪᠤᠷᠢᠵᠢᠭᠤᠯᠬᠤ ᠪᠠ ᠨᠡᠭᠦᠷᠡᠰᠦᠲᠥᠷᠥᠭᠴᠢ ᠶᠢ ᠰᠠᠭᠠᠷᠮᠠᠭᠵᠢᠭᠤᠯᠬᠤ︾ | ᠬᠠᠷᠠᠯᠲᠠ ᠶᠢ ᠳᠤᠷᠠᠳᠤᠭᠰᠠᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠨᠢ ᠠᠵᠤ ᠠᠬᠤᠶᠢᠯᠠᠯ ᠤᠨ | ᠪᠣᠬᠢᠷᠲᠤᠯ ᠦᠭᠡᠢ ᠳᠣᠣᠷ᠎ᠠ ᠨᠡᠭᠦᠷᠡᠰᠦᠳᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠬᠡᠮᠵᠢᠶ᠎ᠡ ᠠᠪᠬᠤ ᠶᠢ | ᠶᠡᠭᠡ ᠪᠠᠷ ᠳᠡᠮᠵᠢᠨ ᠬᠥᠲᠥᠯᠥᠨ ᠵᠢᠯᠤᠭᠤᠳᠴᠤ᠂ ︽ᠡᠷᠴᠢᠮᠵᠢᠭᠦᠯᠦᠨ ᠬᠥᠭᠵᠢᠭᠦᠯᠬᠦ᠂ ᠣᠨᠴᠠᠯᠢᠭᠲᠤ ᠬᠥᠭᠵᠢᠯᠲᠡ᠂ | ᠪᠣᠬᠢᠷᠲᠤᠯ ᠦᠭᠡᠢ ᠳᠣᠣᠷ᠎ᠠ ᠨᠡᠭᠦᠷᠡᠰᠦᠳᠥ᠋ᠷᠥᠭᠴᠢᠲᠦ ᠣᠷᠴᠢᠯᠲᠤ ᠬᠥᠭᠵᠢᠯᠲᠡ᠂ ᠠᠵᠤ ᠦᠢᠯᠡᠰ ᠢ ᠲᠥᠪᠯᠡᠷᠡᠭᠦᠯᠦᠨ | ᠬᠥᠭᠵᠢᠭᠦᠯᠬᠦ︾ ᠵᠠᠷᠴᠢᠮ ᠢ ᠪᠠᠷᠢᠮᠲᠠᠯᠠᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠷ | ᠪᠠᠭ᠎ᠠ ᠮᠡᠷᠭᠡᠵᠢᠯ ᠤᠳ ᠢ ᠵᠠᠯᠭᠠᠭ᠎ᠠ ᠪᠠᠷ ᠨᠠᠶᠢᠳᠠᠪᠤᠷᠢᠵᠢᠭᠤᠯᠪᠠ᠃ | ᠰᠢᠯᠢ ᠶᠢᠨ ᠭᠤᠣᠯ ᠤᠨ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠠᠬᠢ ᠪᠠᠶᠠᠨᠬᠤᠸᠠ | ᠬᠥᠩᠭᠡᠨᠴᠠᠭᠠᠨ ᠤ ᠴᠠᠬᠢᠯᠭᠠᠨ ᠤ ᠺᠣᠮᠫᠠᠨᠢ ᠪᠦᠬᠦ ᠪᠠᠭᠲᠠᠭᠠᠮᠵᠢ ᠪᠠᠷ ᠢᠶᠠᠨ ᠠᠰᠢᠭᠯᠠᠯᠲᠠ ᠳᠤ ᠣᠷᠣᠭᠰᠠᠨ ᠠᠴᠠ ᠨᠠᠰᠢ᠂ | ᠪᠣᠬᠢᠷᠲᠤᠯ ᠦᠭᠡᠢᠲ᠋ᠣᠣᠷᠠ ᠨᠡᠭᠦᠷᠡᠰᠦᠳᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ | ᠦᠭᠡᠢ ᠵᠠᠮᠨᠠᠵᠤ᠂ ︽ᠳᠡᠯᠡᠬᠡᠢ ᠶᠢᠨ ᠲᠡᠷᠢᠭᠦᠨ ᠳᠡᠰ︾ ᠤᠨ ᠬᠥᠩᠭᠡᠨᠴᠠᠭᠠᠨ ᠤ ᠠᠵᠤ ᠦᠢᠯᠡᠰ ᠤᠨ ᠬᠥᠭᠵᠢᠯᠲᠡ ᠶᠢᠨ | ᠪᠠᠶᠢᠷᠢ ᠲᠣᠭᠲᠠᠭᠠᠯᠲᠠ ᠶᠢ ᠴᠢᠩᠭ᠎ᠠ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠶᠡᠬᠡᠪᠡᠷ ᠬᠡᠷᠡᠭᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠡᠨᠡ ᠵᠢᠯ ᠺᠣᠮᠫᠠᠨᠢ ᠶᠢᠨ 2500 ᠲᠣᠨ ︽ ᠪᠣᠬᠢᠷᠲᠤᠯ ᠦᠭᠡᠢ ᠬᠥᠩᠭᠡᠨᠴᠠᠭᠠᠨ ᠢ ᠳᠠᠬᠢᠨ | ᠬᠠᠶᠢᠯᠤᠭᠤᠯᠬᠤ ᠳᠤ ᠬᠡᠷᠡᠭᠯᠡᠬᠦ ᠬᠥᠩᠭᠡᠨ ᠴᠠᠭᠠᠨ ᠤ ᠲᠡᠪᠬᠡ︾ ᠵᠢᠴᠢ ᠲᠦᠷᠦᠭᠦᠦ ᠪᠦᠯᠦᠭ ᠤᠨ 2500 ᠲᠣᠨ | ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠰᠢᠩᠭᠡᠨ ᠨᠢ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ | ᠦᠢᠯᠡᠳᠪᠦᠷᠢ ᠶᠢᠨ ᠨᠡᠶᠢᠭᠡᠮᠯᠢᠭ ᠤᠨ ᠪᠣᠬᠢᠷᠲᠤᠯ ᠦᠭᠡᠢ ᠪᠦᠲᠦᠭᠡᠭᠳᠡᠬᠦᠨ ᠤ ᠦᠨᠡᠯᠡᠯᠲᠡ ᠶᠢᠨ ᠲᠥᠪ ᠤᠨ | ᠭᠡᠷᠡᠴᠢᠯᠡᠯᠲᠡ ᠶᠢ ᠣᠯᠵᠤ᠂ ︽ᠪᠣᠬᠢᠷᠲᠤᠯ ᠦᠭᠡᠢ ᠴᠠᠬᠢᠯᠭᠠᠨ ᠬᠥᠩᠭᠡᠨᠴᠠᠭᠠᠨ ᠤ ᠪᠦᠲᠦᠭᠡᠭᠳᠡᠬᠦᠨ ᠤ ᠦᠨᠡᠯᠡᠯᠲᠡ ᠶᠢᠨ | ᠦᠨᠡᠮᠯᠡᠯ︾ ᠢ ᠣᠯᠵᠠᠢ᠂ ᠡᠨᠡ ᠨᠢ ᠲᠤᠰ ᠺᠣᠮᠫᠠᠨᠢ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠥ᠋ᠷᠥᠭᠴᠢᠲᠦ ᠴᠢᠨᠠᠷ | ᠰᠠᠶᠢᠲᠠᠢ ᠬᠥᠭᠵᠢᠯᠲᠡ ᠨᠢ ᠰᠢᠨ᠎ᠡ ᠦᠷ᠎ᠡ ᠪᠦᠲᠦᠮᠵᠢ ᠪᠠ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ | ᠪᠠᠶᠢᠨ᠎ᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠨᠢ ᠨᠢᠭᠡᠨᠲᠡ ᠠᠵᠤ ᠠᠬᠤᠶᠢᠯᠠᠯ ᠤᠨ | ᠦᠷᠭᠦᠯᠵᠢᠯᠡᠬᠦᠶᠢᠴᠡ ᠬᠥᠭᠵᠢᠯᠲᠡ ᠶᠢᠨ ᠴᠢᠬᠤᠯᠠ ᠴᠢᠭᠯᠡᠯ ᠪᠣᠯᠵᠤ᠂ ᠪᠠᠶᠠᠨᠬᠤᠸᠠ ᠬᠥᠩᠭᠡᠨᠴᠠᠭᠠᠨ ᠤ ᠴᠠᠬᠢᠯᠭᠠᠨ ᠤ | ᠺᠣᠮᠫᠠᠨᠢ ᠠᠷᠭ᠎ᠠ ᠬᠡᠮᠵᠢᠶ᠎ᠡ ᠠᠪᠴᠤ ᠪᠠᠶᠢᠭᠠᠳ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠢ | ᠭᠦᠨᠵᠡᠭᠡᠶᠢᠷᠡᠭᠦᠯᠵᠦ᠂ ᠠᠵᠤ ᠠᠬᠤᠢ ᠶᠢᠨ ᠦᠷ᠎ᠡ ᠠᠰᠢᠭ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ | ᠠᠮᠵᠢᠯᠲᠠ ᠶᠢ ᠪᠡᠶᠡᠯᠡᠭᠦᠯᠵᠦ᠂ ᠤᠯᠤᠰ ᠤᠨ ᠳᠣᠲᠣᠭᠠᠳᠤ ᠶᠢᠨ ᠬᠠᠮᠤᠭ ᠤᠨ ᠲᠡᠷᠢᠭᠦᠨ ᠤ ᠴᠠᠬᠢᠯᠭᠠᠨ ᠵᠠᠳᠠᠯᠤᠯ ᠤᠨ | ᠬᠥᠩᠭᠡᠨᠴᠠᠭᠠᠨ ᠤ ᠤᠲᠤᠭ᠎ᠠ ᠬᠡᠢ ᠶᠢᠨ ᠪᠣᠬᠢᠷᠲᠤᠯ ᠪᠣᠳᠠᠰ ᠢ ᠪᠠᠭᠠᠰᠬᠠᠨ ᠭᠠᠳᠠᠭᠰᠢᠯᠠᠭᠤᠯᠬᠤ ᠰᠢᠰᠲ᠋ᠧᠮ ᠢ ᠪᠠᠶᠢᠭᠤᠯᠵᠤ | ᠂ ᠵᠢᠯ ᠪᠦᠷᠢ ᠪᠠᠷᠤᠭ ᠹᠯᠣᠷᠳᠦ ᠪᠣᠳᠠᠰ ᠢ 93 ᠲᠣᠨ᠂ ᠬᠦᠬᠦᠷ ᠤᠨ ᠳᠠᠪᠬᠤᠷ ᠢᠰᠦᠯ ᠢ ᠪᠠᠷᠤᠭ 5821 ᠲᠣᠨ᠂ | ᠮᠥᠬᠦᠯᠢᠭᠲᠦ ᠪᠣᠳᠠᠰ ᠢ ᠪᠠᠷᠤᠭ 582 ᠲᠣᠨ ᠪᠠᠭᠠᠰᠬᠠᠵᠤ ᠳᠡᠶᠢᠯᠬᠦ ᠪᠣᠯᠣᠭᠰᠠᠨ ᠪᠠᠶᠢᠨ᠎ᠠ᠃ | ᠴᠠᠬᠢᠯᠭᠠᠨ ᠵᠠᠳᠠᠯᠤᠯᠲᠠ ᠶᠢᠨ ᠮᠡᠷᠭᠡᠵᠢᠯ ᠤᠨ ᠥᠭᠡᠷᠡᠴᠢᠯᠡᠯᠲᠡ ᠬᠢᠬᠦ ᠪᠠᠷ ᠳᠡᠮᠵᠢᠨ᠂ ᠲᠣᠨᠤᠭ ᠲᠥᠬᠦᠭᠡᠷᠦᠮᠵᠢ | ᠶᠢᠨ ᠴᠢᠳᠠᠮᠵᠢ᠂ ᠠᠵᠢᠯ ᠤᠨ ᠦᠷ᠎ᠡ ᠪᠦᠲᠦᠮᠵᠢ ᠪᠠ ᠨᠠᠶᠢᠳᠠᠪᠤᠷᠢᠲᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ | ᠡᠨᠧᠷᠭᠢ ᠶᠢᠨ ᠬᠤᠷᠣᠭᠳᠠᠯ ᠪᠣᠯᠣᠨ ᠲᠥᠬᠦᠭᠡᠷᠦᠮᠵᠢ ᠶᠢᠨ ᠰᠠᠭᠠᠲᠠᠯ ᠤᠨ ᠨᠤᠷᠮ᠎ᠠ ᠶᠢ ᠪᠠᠭᠠᠰᠬᠠᠨ᠂ ᠠᠵᠤ | ᠠᠬᠤᠶᠢᠯᠠᠯ ᠤᠨ ᠦᠷᠭᠦᠯᠵᠢᠯᠡᠬᠦᠶᠢᠴᠡ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠵᠤ᠂ ᠪᠠᠶᠠᠨᠬᠤᠸᠠ | ᠬᠥᠩᠭᠡᠨᠴᠠᠭᠠᠨ ᠤ ᠴᠠᠬᠢᠯᠭᠠᠨ ᠤ ᠺᠣᠮᠫᠠᠨᠢ ᠨᠢ ᠴᠠᠬᠢᠯᠭᠠᠨ ᠵᠠᠳᠠᠯᠤᠯ ᠤᠨ ᠮᠡᠷᠭᠡᠵᠢᠯ ᠤᠨ ᠥᠭᠡᠷᠡᠴᠢᠯᠡᠯᠲᠡ ᠪᠠᠷ | ᠳᠠᠮᠵᠢᠭᠤᠯᠤᠨ ᠳᠤᠮᠳᠠᠴᠢ ᠴᠠᠬᠢᠯᠭᠠᠨ ᠬᠦᠴᠦᠳᠡᠯ ᠢ 10mv ᠪᠠᠭᠤᠷᠠᠭᠤᠯᠵᠤ᠂ ᠴᠠᠬᠢᠯᠭᠠᠨ ᠭᠦᠶᠦᠳᠡᠯ ᠤᠨ | ᠠᠰᠢᠭᠯᠠᠮᠵᠢ ᠶᠢ 0.2% ᠢᠶᠠᠷ ᠳᠡᠭᠡᠭᠰᠢᠯᠡᠭᠦᠯᠵᠦ᠂ ᠲᠣᠭᠲᠠᠮᠠᠯ ᠴᠠᠬᠢᠯᠭᠠᠨ ᠤ ᠬᠤᠷᠣᠭᠳᠠᠯ ᠢ ᠨᠡᠶᠢᠳᠡ 60kwh/t. | Al ᠠᠴᠠ ᠳᠡᠭᠡᠭᠰᠢ ᠪᠠᠭᠤᠷᠠᠭᠤᠯᠵᠤ᠂ ᠠᠷᠢᠭᠤᠨ ᠴᠡᠪᠡᠷ ᠦᠢᠯᠡᠳᠪᠦᠷᠢᠯᠡᠯ᠂ ᠡᠨᠧᠷᠭᠢ ᠠᠷᠪᠢᠯᠠᠵᠤ ᠬᠤᠷᠣᠭᠳᠠᠯ ᠢ | ᠪᠠᠭᠠᠰᠬᠠᠬᠤ ᠶᠢ ᠪᠡᠶᠡᠯᠡᠭᠦᠯᠵᠦ᠂ ᠡᠯ᠎ᠡ ᠵᠦᠢᠯ ᠤᠨ ᠪᠣᠬᠢᠷᠲᠤᠯ ᠪᠣᠳᠠᠰ ᠤᠨ ᠭᠦᠢᠴᠡᠳᠬᠡᠬᠦ ᠲᠤᠭ᠎ᠠ ᠶᠢ ᠤᠯᠤᠰ ᠤᠨ | ᠪᠠᠷᠢᠮᠵᠢᠶ᠎ᠠ ᠠᠴᠠ ᠳᠠᠪᠠᠭᠤᠯᠤᠨ ᠪᠡᠶ᠋ᠯᠡᠭᠦᠯᠪᠡ᠃ ᠲᠤᠰ ᠺᠣᠮᠫᠠᠨᠢ ᠨᠢ ᠪᠠᠰᠠ 15MW ᠶᠢᠨ ᠠᠶᠠᠨᠳᠠᠭᠠᠨ | ᠡᠭᠦᠰᠦᠭᠰᠡᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠵᠢᠴᠢ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ | 200MW ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠬᠡᠷᠡᠯ ᠴᠡᠨᠡᠭ ᠤᠨ ᠴᠠᠬᠢᠯᠭᠠᠨ ᠭᠠᠷᠭᠠᠯᠲᠠ ᠶᠢ ᠵᠡᠷᠭᠡᠪᠡᠷ | ᠰᠢᠩᠭᠡᠬᠡᠨ ᠠᠪᠴᠤ᠂ ᠪᠠᠷᠢᠮᠵᠢᠶᠠᠲᠤ ᠨᠡᠭᠦᠷᠡᠰᠦ ᠶᠢ 28622.61 ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 15.98 ᠲᠦᠮᠡᠨ ᠲᠣᠨ ᠪᠠᠭᠠᠰᠬᠠᠵᠤ᠂ ︽ | ᠨᠡᠭᠦᠷᠡᠰᠦ ᠴᠠᠬᠢᠯᠭᠠᠨ ᠬᠥᠩᠭᠡᠨᠴᠠᠭᠠᠨ︾ ᠠᠴᠠ ︽ᠪᠣᠬᠢᠷᠲᠤᠯ ᠦᠭᠡᠢ ᠴᠠᠬᠢᠯᠭᠠᠨ ᠬᠥᠩᠭᠡᠨᠴᠠᠭᠠᠨ︾ ᠲᠡᠰᠢ ᠠᠯᠬᠤᠮ | ᠠᠯᠬᠤᠮ ᠢᠶᠠᠷ ᠬᠡᠯᠪᠡᠷᠢ ᠪᠠᠨ ᠬᠤᠪᠢᠷᠠᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠥ᠋ᠷᠥᠭᠴᠢᠲᠦ | ᠬᠥᠭᠵᠢᠯᠲᠡ ᠶᠢᠨ ᠵᠠᠮ ᠢᠶᠠᠷ ᠵᠠᠮᠨᠠᠪᠠ᠃ | ᠲᠣᠰ ᠺᠣᠮᠫᠠᠨᠢ ᠶᠢᠨ ᠦᠢᠯᠡᠳᠪᠦᠷᠢᠯᠡᠯ ᠮᠡᠷᠭᠡᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠄ ︽ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠣᠯ ᠠᠵᠤ ᠠᠬᠤᠶᠢᠯᠠᠯ ᠤᠨ ᠵᠠᠪᠠᠯ | ᠭᠦᠢᠴᠡᠳᠬᠡᠬᠦ ᠰᠡᠳᠦᠪ ᠮᠥᠨ᠂ ᠨᠠᠩ ᠴᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ | ᠬᠦᠴᠦᠯᠡᠬᠦ ᠴᠡᠭ ᠮᠥᠨ᠂ ᠪᠣᠬᠢᠷᠲᠤᠯ ᠦᠭᠡᠢ ᠬᠥᠭᠵᠢᠯᠲᠡ ᠶᠢᠨ ᠰᠢᠪᠲᠤᠯᠤᠯᠲᠠ ᠶᠢᠨ ᠴᠡᠭ ᠮᠥᠨ᠂ ᠮᠠᠨ ᠤ ᠺᠣᠮᠫᠠᠨᠢ | ᠪᠣᠬᠢᠷᠲᠤᠯ ᠦᠭᠡᠢ ᠥᠷᠲᠡᠭ ᠢ ᠲᠠᠰᠤᠷᠠᠯᠲᠠ ᠦᠭᠡᠢ ᠡᠭᠦᠳᠦᠨ ᠪᠦᠲᠦᠭᠡᠵᠦ᠂ ᠡᠨᠧᠷᠭᠢ ᠶᠢᠨ ᠪᠠᠶᠢᠷᠢᠰᠢᠭᠤᠯᠤᠯ ᠪᠠ | ᠪᠦᠲᠦᠴᠡ ᠶᠢ ᠰᠢᠯᠢᠳᠡᠭᠵᠢᠭᠦᠯᠦᠨ᠂ ᠡᠨᠧᠷᠭᠢ ᠶᠡᠬᠡᠲᠡᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠡᠢ᠃ | ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠲᠣᠭᠲᠠᠪᠤᠷᠢᠵᠢᠭᠤᠯᠬᠤ ᠪᠠ ᠨᠡᠭᠦᠷᠡᠰᠦᠲᠥ᠋ᠷᠥᠭᠴᠢ | ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠣᠣᠷ᠎ᠠ᠂ | ᠮᠠᠨ ᠤ ᠺᠣᠮᠫᠠᠨᠢ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠬᠡᠷᠡᠭᠵᠢᠭᠦᠯᠵᠦ᠂ | ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠠᠷᠤᠭ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠲᠤᠭ᠎ᠠ ᠭᠠᠳᠠᠭᠰᠢᠯᠠᠭᠤᠯᠬᠤ ᠰᠢᠰᠲ᠋ᠧᠮ ᠢ | ᠪᠠᠶᠢᠭᠤᠯᠵᠤ᠂ ᠵᠢᠯ ᠪᠦᠷᠢ ᠹᠯᠣᠷᠲᠤ ᠨᠢᠭᠡᠳᠪᠦᠷᠢ ᠶᠢᠨ ᠭᠠᠳᠠᠭᠰᠢᠯᠠᠭᠤᠯᠤᠯᠲᠠ ᠶᠢ ᠪᠠᠷᠤᠭ 93 ᠲᠣᠨ᠂ ᠬᠦᠬᠦᠷ ᠤᠨ | ᠳᠠᠪᠬᠤᠷ ᠢᠰᠦᠯ ᠢ ᠪᠠᠷᠤᠭ 5821 ᠲᠣᠨ᠂ ᠮᠥᠬᠦᠯᠢᠭᠲᠦ ᠪᠣᠳᠠᠰ ᠢ ᠪᠠᠷᠤᠭ 582 ᠲᠣᠨ ᠪᠠᠭᠠᠰᠬᠠᠵᠤ᠂ | ᠴᠠᠬᠢᠯᠭᠠᠨ ᠵᠠᠳᠠᠯᠤᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ᠂ ᠳᠤᠮᠳᠠᠴᠢ ᠴᠠᠬᠢᠯᠭᠠᠨ ᠬᠦᠴᠦᠳᠡᠯ ᠢ 10mv | ᠪᠠᠭᠤᠷᠠᠭᠤᠯᠵᠤ᠂ ᠴᠠᠬᠢᠯᠭᠠᠨ ᠭᠦᠶᠦᠳᠡᠯ ᠤᠨ ᠠᠰᠢᠭᠯᠠᠮᠵᠢ ᠶᠢ 0.2% ᠢᠶᠠᠷ ᠳᠡᠭᠡᠭᠰᠢᠯᠡᠭᠦᠯᠵᠦ᠂ ᠲᠣᠭᠲᠠᠮᠠᠯ | ᠴᠠᠬᠢᠯᠭᠠᠨ ᠤ ᠨᠢᠭᠡᠴᠢ ᠬᠤᠷᠣᠭᠳᠠᠯ ᠢ ᠨᠡᠶᠢᠳᠡ 60kwh / t.AI ᠠᠴᠠ ᠳᠡᠭᠡᠭᠰᠢ ᠪᠠᠭᠤᠷᠠᠭᠤᠯᠵᠤ᠂ ᠪᠣᠬᠢᠷᠲᠤᠯ | ᠦᠭᠡᠢ ᠦᠢᠯᠡᠳᠪᠦᠷᠢᠯᠡᠬᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠵᠣᠷᠢᠯᠭ᠎ᠠ ᠶᠢ ᠪᠡᠶᠡᠯᠡᠭᠦᠯᠦᠨ᠎ᠡ᠃ | ᠣᠳᠣᠬᠠᠨ ᠳᠤ᠂ ᠡᠯ᠎ᠡ ᠵᠦᠢᠯ ᠤᠨ ᠪᠣᠬᠢᠷᠲᠤᠯ ᠪᠣᠳᠠᠰ ᠤᠨ ᠭᠦᠢᠴᠡᠳᠬᠡᠬᠦ ᠲᠤᠭ᠎ᠠ ᠨᠢ ᠤᠯᠤᠰ ᠤᠨ ᠪᠠᠷᠢᠮᠵᠢᠶ᠎ᠠ ᠠᠴᠠ | ᠬᠤᠯᠠ ᠳᠠᠪᠠᠭᠤᠯᠢᠭ ᠪᠣᠯᠣᠭᠰᠠᠨ ᠪᠠᠶᠢᠨ᠎ᠠ᠃ | | | |