2024 ᠣᠨ ᠤ ᠬᠤᠭ ᠴᠡᠪᠡᠷᠯᠡᠬᠦ ᠪᠠᠭ᠎ᠠ ᠬᠡᠯᠪᠡᠷᠢ ᠶᠢᠨ ᠠᠴᠢᠶᠠᠯᠠᠬᠤ ᠮᠠᠰᠢᠨ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2024/8/27
     ᠨᠢᠭᠡ᠂ ᠨᠥᠬᠦᠪᠦᠷᠢ ᠣᠯᠭᠤᠬᠤ ᠡᠲᠡᠭᠡᠳ ᠪᠣᠯᠣᠨ ᠨᠥᠬᠦᠪᠦᠷᠢ ᠶᠢᠨ ᠪᠠᠷᠢᠮᠵᠢᠶ᠎ᠠ      ︵ᠨᠢᠭᠡ︶ ᠨᠥᠬᠦᠪᠦᠷᠢ ᠣᠯᠭᠤᠬᠤ ᠡᠲᠡᠭᠡᠳ᠄ 2024 ᠣᠨ ᠤ ᠲᠤᠷᠰᠢᠯᠲᠠ ᠶᠢᠨ  ᠴᠢᠭ ᠤᠨ  ᠨᠥᠬᠦᠪᠦᠷᠢ ᠣᠯᠭᠤᠬᠤ ᠡᠲᠡᠭᠡᠳ ᠨᠢ ᠮᠠᠨ ᠤ ᠬᠤᠰᠢᠭᠤᠨ ᠳᠤ ᠮᠠᠯ ᠠᠵᠤ ᠠᠬᠤᠢ  ᠡᠵᠡᠩᠨᠡᠵᠦ ᠪᠠᠶᠢᠭ᠎ᠠ ᠬᠤᠪᠢ ᠬᠥᠮᠥᠨ᠃ ︽ᠤᠷᠢᠳᠠᠪᠠᠷ ᠲᠤᠷᠰᠢᠯᠲᠠ ᠶᠢᠨ  ᠴᠢᠭ ᠲᠤ  ᠂ ᠳᠠᠷᠠᠭ᠎ᠠ ᠨᠢ ᠪᠦᠬᠦ  ᠬᠤᠰᠢᠭᠤᠨ ᠤ ᠬᠡᠪᠴᠢᠶᠡᠨ ᠳᠤ ᠥᠷᠭᠡᠳᠬᠡᠬᠦ︾ ᠬᠡᠯᠪᠡᠷᠢ ᠪᠠᠷ ᠤᠷᠢᠳᠠᠪᠠᠷ ᠢᠶᠠᠷ 2024 ᠣᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠤᠰᠭᠤᠨ︾ ᠤ ᠵᠢᠱᠢᠶᠡᠴᠢ ᠭᠠᠴᠠᠭᠠᠨ ᠤ ᠮᠠᠯᠴᠢᠳ ᠳᠤ ᠨᠥᠬᠦᠪᠦᠷᠢ ᠣᠯᠭᠤᠵᠤ᠂ ᠨᠥᠬᠦᠪᠦᠷᠢ ᠶᠢᠨ ᠮᠥᠩᠭᠦ ᠦᠯᠡᠳᠡᠪᠡᠯ᠂ 9 ᠰᠠᠷ᠎ᠠ  ᠶᠢᠨ 15 ᠤ ᠡᠳᠦᠷ ᠠᠴᠠ ᠪᠦᠬᠦ ᠬᠤᠰᠢᠭᠤᠨ ᠤ ᠬᠡᠪᠴᠢᠶᠡᠨ ᠳᠤ ᠥᠷᠭᠡᠳᠬᠡᠨ᠎ᠡ᠃ 2022-2023 ᠣᠨ ᠳᠤ ᠨᠥᠬᠦᠪᠦᠷᠢ ᠬᠦᠷᠲᠡᠭᠰᠡᠨ ᠬᠥᠮᠥᠰ ᠲᠤᠰ ᠤᠳᠠᠭᠠᠨ ᠤ ᠨᠥᠬᠦᠪᠦᠷᠢ ᠬᠦᠷᠳᠡᠬᠦ ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ᠃     ︵ᠬᠤᠶᠠᠷ︶ ᠨᠥᠬᠦᠪᠦᠷᠢ ᠬᠦᠷᠳᠡᠬᠦ ᠮᠠᠰᠢᠨ ᠤ ᠲᠤᠭ᠎ᠠ ᠬᠢᠵᠠᠭᠠᠷ᠄ ᠨᠢᠭᠡ ᠡᠷᠦᠬᠡ ᠨᠢᠭᠡ ᠰᠠᠤᠷᠢ ᠮᠠᠰᠢᠨ ᠢᠶᠠᠷ ᠬᠢᠵᠠᠭᠠᠷᠯᠠᠨ᠎ᠠ᠃     ︵ᠭᠤᠷᠪᠠ︶ ᠨᠥᠬᠦᠪᠦᠷᠢ ᠶᠢᠨ ᠪᠠᠷᠢᠮᠵᠢᠶ᠎ᠠ᠄ ᠨᠢᠭᠡ ᠰᠠᠤᠷᠢ ᠮᠠᠰᠢᠨ ᠤ ᠨᠥᠬᠦᠪᠦᠷᠢ ᠥᠭᠬᠦ ᠪᠠᠷᠢᠮᠵᠢᠶ᠎ᠠ ᠨᠢ ᠮᠠᠰᠢᠨ ᠤ ᠪᠦᠬᠦ ᠦᠨ᠎ᠡ ᠬᠠᠩᠰᠢ ᠶᠢᠨ 30% ᠪᠠᠶᠢᠵᠤ᠂ ᠨᠥᠬᠦᠪᠦᠷᠢ ᠶᠢᠨ ᠬᠠᠮᠤᠭ ᠥᠨᠳᠥᠷ ᠪᠠᠷᠢᠮᠵᠢᠶ᠎ᠠ  ᠶᠢ 1.5 ᠲᠦᠮᠡᠨ ᠲᠥᠭᠦᠷᠢᠭ ᠪᠠᠷ ᠬᠢᠵᠠᠭᠠᠷᠯᠠᠨ᠎ᠠ᠃     ᠬᠤᠶᠠᠷ᠂ ᠨᠥᠬᠦᠪᠦᠷᠢ ᠶᠢᠨ ᠮᠠᠰᠢᠨ ᠤ ᠬᠦᠷᠢᠶ᠎ᠡ ᠬᠡᠪᠴᠢᠶ᠎ᠡ ᠵᠢᠴᠢ ᠦᠢᠯᠡᠳᠪᠦᠷᠢᠯᠡᠨ ᠪᠣᠷᠣᠯᠠᠭᠤᠯᠬᠤ ᠠᠵᠤ ᠠᠬᠤᠶᠢᠯᠠᠯ ᠤᠨ ᠬᠢᠷᠢ ᠭᠡᠮ     ︵ᠨᠢᠭᠡ︶ ᠨᠥᠬᠦᠪᠦᠷᠢ ᠶᠢᠨ ᠮᠠᠰᠢᠨ ᠤ ᠬᠦᠷᠢᠶ᠎ᠡ ᠬᠡᠪᠴᠢᠶ᠎ᠡ᠄ ᠮᠠᠯᠴᠢᠳ ᠤᠨ ᠰᠠᠭᠤᠭ᠎ᠠ ᠣᠷᠣᠨ ᠪᠠᠶᠢᠷᠢ ᠶᠢᠨ ᠣᠷᠴᠢᠨ ᠲᠣᠭᠤᠷᠢᠨ ᠢ ᠠᠷᠢᠭᠤᠳᠭᠠᠨ ᠴᠡᠪᠡᠷᠯᠡᠬᠦ ᠠᠵᠢᠯᠯᠠᠭᠠᠨ ᠳᠤ ᠬᠡᠷᠡᠭᠯᠡᠬᠦ ᠬᠤᠭ ᠴᠡᠪᠡᠷᠯᠡᠬᠦ ᠪᠠᠭ᠎ᠠ ᠬᠡᠯᠪᠡᠷᠢ ᠶᠢᠨ ᠠᠴᠢᠶᠠᠯᠠᠬᠤ ᠮᠠᠰᠢᠨ ︵90kw ᠶᠢᠨ ᠮᠣᠷᠢᠨ ᠬᠦᠴᠦ ᠠᠴᠠ ᠪᠠᠭ᠎ᠠ︶᠃ ᠨᠥᠬᠦᠪᠦᠷᠢ ᠶᠢᠨ ᠮᠠᠰᠢᠨ ᠨᠢ ᠳᠣᠣᠷᠠᠬᠢ ᠬᠢᠷᠢ ᠬᠡᠮ  ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ︵1︶ CMA ᠲᠡᠮᠳᠡᠭ  ᠭᠥᠷᠳᠡᠭᠰᠡᠨ ᠦᠢᠯᠡᠳᠪᠦᠷᠢᠯᠡᠯ ᠪᠠᠶᠢᠵᠤ᠂ CMA ᠶᠢᠨ ᠬᠢᠨᠠᠨ ᠪᠠᠶᠢᠴᠠᠭᠠᠯᠲᠠ ᠨᠢ ᠬᠦᠴᠦᠨ ᠲᠠᠢ ᠬᠤᠭᠤᠴᠠᠭᠠᠨ ᠳᠤ ᠪᠠᠶᠢᠬᠤ ᠬᠡᠷᠡᠭᠲᠡᠢ᠃ ︵2︶ ᠤᠯᠤᠰ ᠤᠨ ᠳᠥᠷᠪᠡᠳᠦᠭᠡᠷ ᠳᠡᠰ ᠤᠨ ᠠᠭᠠᠷ ᠮᠠᠨᠳᠠᠯ ᠤᠨ ᠪᠣᠬᠢᠷᠳᠤᠯ  ᠢ ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠦᠭᠰᠡᠨ ᠪᠠᠶᠢᠬᠤ ᠬᠡᠷᠡᠭᠲᠡᠢ᠃ ︵3︶ ᠨᠥᠬᠦᠪᠦᠷᠢ ᠶᠢᠨ ᠮᠠᠰᠢᠨ ᠤ ᠢᠯᠡ ᠪᠠᠶᠢᠷᠢᠨ ᠳᠤ ᠦᠢᠯᠡᠳᠪᠦᠷᠢᠯᠡᠭᠰᠡᠨ ᠠᠵᠤ ᠠᠬᠤᠶᠢᠯᠠᠯ᠂ ᠦᠢᠯᠡᠳᠬᠦᠨ ᠤ ᠨᠡᠷ᠎ᠡ ᠲᠡᠮᠳᠡᠭ᠂ ᠦᠢᠯᠡᠳᠬᠦᠨ ᠤ ᠳ᠋ᠤᠭᠠᠷ᠂ ᠦᠢᠯᠡᠳᠪᠦᠷᠢᠯᠡᠭᠰᠡᠨ ᠴᠠᠭ ᠬᠤᠭᠤᠴᠠᠭ᠎ᠠ᠂ ᠮᠠᠰᠢᠨ ᠮᠧᠬᠠᠨᠢᠭ ᠤᠨ ᠣᠷᠴᠢᠨ ᠲᠣᠭᠤᠷᠢᠨ ᠢ  ᠬᠠᠮᠠᠭᠠᠯᠠᠬᠤ ᠨᠣᠮᠧᠷ ᠵᠡᠷᠭᠡ ᠰᠤᠷᠠᠭ ᠵᠠᠩᠭᠢ ᠶᠢᠨ ᠫᠠᠶᠢᠰᠠ ᠲᠡᠮᠳᠡᠭ  ᠲᠠᠢ ᠪᠠᠶᠢᠬᠤ ᠬᠡᠷᠡᠭᠲᠡᠢ᠃     ︵ᠬᠤᠶᠠᠷ︶ ᠦᠢᠯᠡᠳᠪᠦᠷᠢᠯᠡᠨ ᠪᠤᠷᠯᠠᠭᠤᠯᠬᠤ ᠠᠵᠤ ᠠᠬᠤᠶᠢᠯᠠᠯ ᠤᠨ ᠬᠢᠷᠢ ᠭᠡᠮ᠄ ᠨᠥᠬᠦᠪᠦᠷᠢ   ᠲᠠᠢ ᠮᠠᠰᠢᠨ ᠬᠤᠳᠠᠯᠳᠤᠬᠤ ᠠᠵᠤ ᠠᠬᠤᠶᠢᠯᠠᠯ ᠨᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠵᠦ ᠳᠠᠩᠰᠠᠯᠠᠭᠤᠯᠤᠨ᠎ᠠ᠂ ᠵᠠᠪᠠᠯ ᠠᠶᠢᠮᠠᠭ ᠤᠨ ᠬᠡᠪᠴᠢᠶᠡᠨ ᠳᠤ ᠠᠷᠤ ᠲᠠᠯ᠎ᠠ ᠶᠢᠨ ᠰᠡᠯᠪᠢᠨ ᠵᠠᠰᠠᠬᠤ ᠦᠢᠯᠡᠴᠢᠯᠡᠭᠡ ᠶᠢ ᠪᠠᠲᠤᠯᠠᠭᠰᠠᠨ ᠮᠥᠷᠲᠡᠭᠡᠨ ᠣᠶᠢᠷ᠎ᠠ ᠶᠢᠨ ᠬᠤᠶᠠᠷ ᠵᠢᠯ ᠤᠨ ᠨᠥᠬᠦᠪᠦᠷᠢ ᠲᠠᠢ ᠲᠠᠷᠢᠶᠠᠯᠠᠩ ᠤᠨ ᠮᠠᠰᠢᠨ ᠬᠤᠳᠠᠯᠳᠤᠨ ᠪᠣᠷᠣᠯᠠᠭᠤᠯᠤᠭᠰᠠᠨ ᠲᠠᠩᠰᠠ ᠡᠪᠬᠡᠮᠡᠯ ᠲᠠᠢ ᠪᠠᠶᠢᠵᠤ᠂ ᠨᠥᠬᠦᠪᠦᠷᠢ ᠲᠠᠢ ᠮᠠᠰᠢᠨ ᠤ ᠬᠠᠮᠢᠶ᠎ᠠ ᠪᠦᠬᠦᠢ ᠭᠡᠷᠡᠴᠢ  ᠪᠠᠷᠢᠮᠲᠠ ᠪᠠᠨ ᠬᠤᠰᠢᠭᠤ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠡᠭ ᠮᠡᠷᠭᠡᠵᠢᠯ ᠤᠨ  ᠲᠣᠪᠴᠢᠶᠠᠨ ᠳᠤ ᠳᠠᠩᠰᠠᠯᠠᠭᠤᠯᠬᠤ ᠬᠡᠷᠡᠭᠲᠡᠢ᠃      ᠭᠤᠷᠪᠠ᠂ ᠨᠥᠬᠦᠪᠦᠷᠢ ᠡᠷᠡᠮᠡᠯᠵᠡᠯᠡᠬᠦ ᠳᠡᠰ ᠳᠠᠷᠠᠭᠠᠯᠠᠯ      ︵ᠨᠢᠭᠡ︶ ᠮᠠᠰᠢᠨ  ᠢᠶᠠᠨ ᠬᠤᠳᠠᠯᠳᠤᠨ ᠠᠪᠬᠤ᠄ ᠡᠯ᠎ᠡ ᠰᠤᠮᠤ ᠪᠠᠯᠭᠠᠰᠤᠨ ᠠᠴᠠ ᠨᠥᠬᠦᠪᠦᠷᠢ ᠶᠢᠨ ᠮᠥᠩᠭᠦᠨ  ᠤ ᠪᠠᠶᠢᠳᠠᠯ ᠢ ᠦᠨᠳᠦᠰᠦᠯᠡᠵᠦ ᠮᠠᠰᠢᠨ ᠠᠪᠤᠭᠰᠠᠳ ᠤᠨ ᠨᠡᠷᠡᠰ ᠢ ᠪᠦᠷᠢᠳᠬᠡᠵᠦ᠂ ᠬᠤᠰᠢᠭᠤ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠡᠭ ᠮᠡᠷᠭᠡᠵᠢᠯ ᠤᠨ ᠲᠣᠪᠴᠢᠶᠠᠨ ᠳᠤ ᠳᠠᠩᠰᠠᠯᠠᠭᠤᠯᠤᠨ᠎ᠠ᠂ ᠮᠠᠰᠢᠨ ᠠᠪᠤᠭᠰᠠᠳ ᠠᠴᠠ ᠥᠪᠡᠷ ᠤᠨ ᠳᠤᠷ᠎ᠠ ᠠᠴᠠ ᠪᠠᠨ ᠳᠠᠩᠰᠠᠯᠠᠭᠤᠯᠤᠭᠰᠠᠨ ᠠᠵᠤ ᠠᠬᠤᠶᠢᠯᠠᠯ ᠠᠴᠠ ᠮᠠᠰᠢᠨ ᠢᠶᠠᠨ ᠰᠣᠩᠭᠤᠵᠤ ᠪᠦᠬᠦ ᠦᠨ᠎ᠡ ᠬᠠᠩᠰᠢ ᠪᠠᠷ ᠬᠤᠳᠠᠯᠳᠤᠨ  ᠠᠪᠤᠨ᠎ᠠ᠃     ︵ᠬᠤᠶᠠᠷ︶ ᠨᠥᠬᠦᠪᠦᠷᠢ ᠡᠷᠡᠮᠡᠯᠵᠡᠯᠡᠬᠦ᠄ ᠮᠠᠰᠢᠨ ᠬᠤᠳᠠᠯᠳᠤᠨ ᠠᠪᠤᠭᠰᠠᠳ ᠠᠴᠠ ᠬᠠᠮᠢᠶ᠎ᠠ ᠪᠦᠬᠦᠢ ᠭᠡᠷᠡᠴᠢ ᠪᠠᠷᠢᠮᠲᠠ ᠪᠠᠨ ᠠᠪᠴᠤ ᠬᠤᠰᠢᠭᠤ ᠮᠠᠯ ᠠᠵᠤ ᠠᠬᠤᠢ ᠪᠠ ᠰᠢᠨᠵᠢᠯᠡᠬᠦ ᠤᠬᠠᠭᠠᠨ  ᠲᠧᠭᠨᠡᠭ ᠮᠡᠷᠭᠡᠵᠢᠯ ᠤᠨ ᠲᠣᠪᠴᠢᠶᠠᠨ ᠳᠤ ᠬᠦᠷᠴᠦ ᠨᠥᠬᠦᠪᠦᠷᠢ ᠡᠷᠡᠮᠡᠯᠵᠡᠯᠡᠨ᠎ᠡ᠂ ᠤᠨᠴᠠᠭᠠᠢ ᠤᠴᠢᠷ ᠠᠴᠠ ᠬᠤᠪᠢ ᠬᠥᠮᠥᠨ ᠨᠢ ᠢᠷᠡᠵᠦ ᠳᠡᠶᠢᠯᠬᠦ ᠦᠭᠡᠢ ᠪᠣᠯ᠂ ᠪᠢᠴᠢᠭ ᠮᠠᠲ᠋ᠧᠷᠢᠶᠠᠯ ᠢᠶᠠᠷ ᠪᠤᠰᠤᠳ ᠢ ᠨᠠᠶᠢᠳᠠᠨ ᠭᠠᠷ ᠪᠠᠷᠢᠮᠲᠠ ᠪᠠᠨ ᠭᠦᠢᠴᠡᠳᠬᠡᠵᠦ  ᠪᠣᠯᠣᠨ᠎ᠠ᠃     ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ     ︵ᠨᠢᠭᠡ︶ ᠨᠥᠬᠦᠪᠦᠷᠢ ᠲᠠᠢ  ᠬᠤᠭ ᠴᠡᠪᠡᠷᠯᠡᠬᠦ  ᠪᠠᠭ᠎ᠠ ᠬᠡᠯᠪᠡᠷᠢ ᠶᠢᠨ  ᠠᠴᠢᠶᠠᠯᠠᠬᠤ ᠮᠠᠰᠢᠨ  ᠢ 2 ᠵᠢᠯ ᠳᠣᠲᠣᠷ᠎ᠠ  ᠬᠤᠳᠠᠯᠳᠤᠵᠤ ᠪᠤᠯᠠᠬᠤ ᠦᠭᠡᠢ ︵ᠤᠨᠴᠠᠭᠠᠢ ᠤᠴᠢᠷ ᠠᠴᠠ ᠬᠤᠳᠠᠯᠳᠤᠬᠤ ᠳᠤ ᠬᠦᠷᠪᠡᠯ ᠵᠠᠪᠠᠯ ᠬᠤᠰᠢᠭᠤ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠡᠭ ᠮᠡᠷᠭᠡᠵᠢᠯ ᠤᠨ ᠲᠣᠪᠴᠢᠶᠠᠨ ᠳᠤ ᠳᠠᠩᠰᠠᠯᠠᠭᠤᠯᠤᠨ᠎ᠠ︶᠂ ᠬᠡᠷᠪᠡ ᠳᠤᠷ᠎ᠠ ᠪᠠᠷ ᠬᠤᠳᠠᠯᠳᠤᠨ ᠨᠥᠬᠦᠪᠦᠷᠢ  ᠶᠢᠨ ᠮᠥᠩᠭᠦ ᠶᠢ ᠮᠡᠬᠡᠯᠡᠨ ᠠᠪᠤᠪᠠᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠵᠦ᠂ ᠨᠥᠬᠦᠪᠦᠷᠢ ᠶᠢᠨ ᠮᠥᠩᠭᠦ ᠶᠢ ᠪᠦᠭᠦᠳᠡ ᠶᠢ ᠪᠤᠴᠠᠭᠠᠨ ᠠᠪᠤᠨ᠎ᠠ    ︵ᠬᠤᠶᠠᠷ︶ ᠦᠢᠯᠡᠳᠪᠦᠷᠢᠯᠡᠨ ᠪᠣᠷᠣᠯᠠᠭᠤᠯᠬᠤ ᠠᠵᠤ ᠠᠬᠤᠶᠢᠯᠠᠯ ᠠᠴᠠ ᠮᠠᠰᠢᠨ ᠮᠧᠬᠠᠨᠢᠭ ᠢ ᠬᠡᠷᠡᠭᠯᠡᠬᠦ ᠮᠡᠷᠭᠡᠵᠢᠯ ᠤᠨ ᠪᠣᠯᠪᠠᠰᠤᠷᠠᠯ ᠪᠠ ᠠᠷᠤ ᠲᠠᠯ᠎ᠠ ᠶᠢᠨ ᠦᠢᠯᠡᠴᠢᠯᠡᠯᠭᠡ  ᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ᠂ ᠮᠥᠨᠴᠦ ᠮᠠᠰᠢᠨ ᠤ ᠴᠢᠨᠠᠷ ᠴᠢᠨᠰᠠᠭ᠎ᠠ ᠵᠢᠴᠢ ᠬᠠᠮᠢᠶ᠎ᠠ ᠪᠦᠬᠦᠢ ᠬᠠᠩᠭᠠᠭᠰᠠᠨ ᠭᠠᠷ ᠪᠠᠷᠢᠮᠲᠠ ᠲᠠᠭᠠᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ᠳᠠᠭᠠᠯᠲᠠ᠄ 2024 ᠣᠨ ᠤ ᠬᠤᠭ ᠴᠡᠪᠡᠷᠯᠡᠬᠦ ᠪᠠᠭ᠎ᠠ ᠬᠡᠯᠪᠡᠷᠢ ᠶᠢᠨ ᠠᠴᠢᠶᠠᠯᠠᠬᠤ ᠮᠠᠰᠢᠨ ᠬᠤᠳᠠᠯᠳᠤᠬᠤ ᠠᠵᠤ ᠠᠵᠤ ᠠᠬᠤᠶᠢᠯᠠᠯ ᠤᠨ ᠰᠤᠷᠠᠭ ᠵᠠᠩᠭᠢ ᠶᠢᠨ ᠬᠦᠰᠦᠨᠦᠭᠠᠰᠠᠭᠤᠵᠤ ᠰᠤᠷᠠᠭᠯᠠᠬᠤ ᠤᠲᠠᠰᠤ᠄  0479 - 6829705                                              ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠪᠠ                    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠣᠪᠴᠢᠶ᠎ᠠ                                  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号