ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠬᠤᠤ ᠰᠢᠨ ᠠᠮᠢᠳᠤ ᠪᠣᠳᠠᠰ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠮᠥᠬᠦᠯᠢᠭ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠴᠢᠨᠠᠷ ᠰᠠᠶᠢᠲᠠᠢ | ᠬᠥᠭᠵᠢᠯᠲᠡ ᠶᠢᠨ ᠠᠶᠠᠨ ᠳᠠᠭᠠᠨ ᠶᠠᠪᠤᠵᠤ᠂ ᠪᠠᠷᠠᠭᠤᠨ ᠦᠵᠦᠮᠦᠴᠢᠨ ᠤ ᠲᠠᠯ᠎ᠠ ᠨᠤᠲᠤᠭ ᠤᠨ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠡᠨᠡᠬᠦ ᠺᠣᠮᠫᠠᠨᠢ ᠨᠢ ᠪᠦᠲᠦᠭᠡᠭᠳᠡᠬᠦᠨ ᠤ ᠳᠠᠪᠠᠭᠤᠯᠢᠭ ᠲᠠᠭᠠᠨ ᠲᠦᠰᠢᠭᠯᠡᠭᠰᠡᠨ ᠢᠶᠠᠷ | ᠪᠠᠷᠠᠬᠤ ᠦᠭᠡᠢ᠂ ᠨᠡᠩ ᠴᠤ ᠦᠨᠡᠨᠴᠢ ᠢᠲᠡᠭᠡᠮᠵᠢᠲᠡᠢ ᠳᠤ ᠲᠦᠰᠢᠭᠯᠡᠨ ᠬᠥᠭᠵᠢᠯᠲᠡ ᠶᠢ ᠡᠷᠢᠯᠬᠢᠯᠡᠵᠦ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | ᠣᠶᠢᠷ᠎ᠠ ᠶᠢᠨ ᠬᠤᠭᠤᠴᠠᠭᠠᠨ ᠳᠤ᠂ ᠬᠤᠸ ᠰᠢᠨ ᠠᠮᠢᠳᠤ ᠪᠣᠳᠠᠰ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ | ᠮᠥᠬᠦᠯᠢᠭ ᠡᠳ᠋ᠰᠢᠭᠦᠯᠬᠦ ᠬᠢᠵᠠᠭᠠᠷᠲᠤ ᠺᠣᠮᠫᠠᠨᠢ ᠶᠢᠨ ᠠᠵᠢᠯᠲᠠᠳ ᠲᠣᠰ ᠬᠤᠰᠢᠭᠤᠨ ᠤ ᠮᠠᠯᠵᠢᠬᠤ ᠣᠷᠣᠨ ᠳᠤ ᠬᠦᠷᠴᠦ | ᠂ ᠭᠠᠴᠠᠭᠠᠨ ᠤ ᠮᠠᠯᠴᠢᠳ ᠲᠠᠢ ᠬᠠᠷᠢᠯᠴᠠᠵᠤ᠂ ᠬᠤᠶᠠᠷ ᠲᠠᠯ᠎ᠠ ᠶᠢᠨ ᠬᠤᠳᠠᠯᠳᠤᠨ ᠠᠪᠬᠤ ᠪᠠ ᠪᠣᠷᠣᠯᠠᠭᠤᠯᠬᠤ | ᠶᠠᠪᠤᠳᠠᠯ ᠢ ᠵᠥᠪᠳᠡᠯᠴᠡᠨ᠂ ᠦᠨᠡᠨᠴᠢ ᠢᠲᠡᠭᠡᠮᠵᠢᠲᠡᠢ ᠣᠪᠣᠷ ᠢᠶᠠᠷ ᠲᠠᠯ᠎ᠠ ᠨᠤᠲᠤᠭ ᠤᠨ ᠮᠠᠯᠴᠢᠳ ᠲᠠᠢ ᠨᠠᠩ ᠪᠠᠲᠤ | ᠪᠠᠬᠢ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠣᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠬᠤᠤ ᠰᠢᠨ ᠠᠮᠢᠳᠤ ᠪᠣᠳᠠᠰ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠮᠥᠬᠦᠯᠢᠭ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ 2016 ᠣᠨ ᠤ 3 ᠰᠠᠷ᠎ᠠ ᠳᠤ | ᠳᠠᠩᠰᠠᠯᠠᠭᠤᠯᠤᠨ ᠪᠠᠶᠢᠭᠤᠯᠣᠭᠳᠠᠵᠣ᠂ ᠲᠣᠰ ᠵᠢᠯ ᠳᠤ᠂ ᠦᠬᠡᠷ ᠬᠤᠨᠢᠨ ᠤ ᠢᠯᠭᠠᠳᠠᠰᠣ ᠶᠢ ᠰᠢᠲᠠᠭᠠᠬᠤ ᠮᠡᠷᠭᠡᠵᠢᠯ ᠢ | ᠪᠡᠶ᠎ᠡ ᠪᠠᠨ ᠳᠠᠭᠠᠭᠠᠨ ᠰᠤᠳᠤᠯᠵᠤ᠂ ᠣᠯᠠᠨ ᠤᠳᠠᠭᠠᠨ ᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠪᠠ | ᠲᠤᠷᠰᠢᠯᠲᠠ ᠪᠠᠷ ᠰᠤᠳᠤᠯᠤᠨ ᠦᠢᠯᠡᠳᠦᠭᠡᠳ᠂ ᠦᠬᠡᠷ ᠬᠤᠨᠢᠨ ᠤ ᠢᠯᠭᠠᠳᠠᠰᠣ ᠶᠢᠨ ᠬᠤᠯᠢᠮᠠᠭ ᠳᠠᠷᠤᠯᠲᠠ ᠶᠢ | ᠠᠷᠢᠯᠭᠠᠵᠤ ᠬᠡᠰᠡᠭᠲᠦ ᠲᠦᠯᠡᠰᠢ ᠪᠠ ᠮᠥᠬᠦᠯᠢᠭᠲᠦ ᠲᠦᠯᠡᠰᠢ ᠪᠣᠯᠭᠠᠨ ᠠᠮᠵᠢᠯᠲᠠᠲᠠᠢ ᠦᠢᠯᠡᠳᠴᠦ᠂ ᠺᠠᠷᠲ ᠤᠨ | ᠥᠷᠲᠡᠭ ᠨᠢ 4000︱4500 Kcal/Kg ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠬᠡᠷ ᠬᠤᠨᠢᠨ ᠤ ᠢᠯᠭᠠᠳᠠᠰᠣ ᠶᠢ ᠠᠰᠢᠭᠯᠠᠨ ᠬᠠᠲᠠᠭᠤ ᠪᠡᠶᠡᠲᠦ ᠠᠮᠢᠳᠤ ᠪᠣᠳᠠᠰ ᠤᠨ ᠲᠦᠯᠡᠰᠢ | ᠦᠢᠯᠡᠳᠦᠭᠰᠡᠨ ᠥᠯᠢᠭᠡᠷ ᠵᠢᠱᠢᠶ᠎ᠡ ᠶᠢ ᠠᠩᠬ᠎ᠠ ᠨᠡᠭᠡᠭᠡᠭᠰᠡᠨ ᠪᠠᠶᠢᠨ᠎ᠠ᠃ ᠣᠯᠠᠨ ᠵᠢᠯ ᠤᠨ ᠲᠤᠷᠰᠢ᠂ ᠺᠣᠮᠫᠠᠨᠢ ᠠᠮᠢᠳᠤ | ᠪᠣᠳᠠᠰ ᠤᠨ ᠮᠠᠰ ᠤᠨ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠠᠮᠢᠳᠤ ᠪᠣᠳᠠᠰ ᠤᠨ ᠮᠠᠰ ᠤᠨ ᠮᠥᠬᠦᠯᠢᠭ ᠡᠳ᠋ᠰᠢᠭᠦᠯᠬᠦ ᠠᠵᠤ | ᠦᠢᠯᠡᠰ ᠢ ᠰᠣᠩᠭᠤᠨ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠵᠦ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠥᠬᠡ ᠣᠭᠲᠠᠷᠭᠤᠢ᠂ ᠴᠡᠩᠬᠡᠷ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ᠂ ᠮᠠᠯᠵᠢᠬᠤ ᠣᠷᠣᠨ ᠤ ᠠᠵᠤ | ᠠᠬᠤᠢ ᠶᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠳᠤ ᠨᠢᠭᠡ ᠬᠤᠪᠢ ᠠᠵᠤ | ᠠᠬᠤᠶᠢᠯᠠᠯ ᠤᠨ ᠬᠦᠴᠦᠨ ᠴᠢᠳᠠᠯ ᠢᠶᠠᠨ ᠭᠠᠷᠭᠠᠵᠤ᠂ ᠠᠮᠢᠳᠤ ᠪᠣᠳᠠᠰ ᠤᠨ ᠮᠠᠰ ᠤᠨ ᠮᠥᠬᠦᠯᠢᠭᠲᠦ ᠲᠦᠯᠡᠰᠢ ᠶᠢ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠲᠤᠰᠬᠠᠢ ᠺᠣᠮᠫᠠᠨᠢ ᠪᠣᠯᠤᠭᠰᠠᠨ ᠪᠠᠶᠢᠨ᠎ᠠ᠃ | ᠦᠨᠡᠨᠴᠢ ᠢᠲᠡᠭᠡᠮᠵᠢᠲᠡᠢ ᠪᠠᠶᠢᠬᠤ ᠪᠣᠯ ᠠᠵᠤ ᠠᠬᠤᠶᠢᠯᠠᠯ ᠤᠨ ᠠᠮᠢ ᠨᠠᠰᠤ ᠮᠥᠨ᠂ ᠪᠠᠰᠠ ᠴᠤ ᠠᠵᠤ | ᠠᠬᠤᠶᠢᠯᠠᠯ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠃ ᠣᠶᠢᠷ᠎ᠠ ᠶᠢᠨ ᠵᠢᠯ ᠠᠴᠠ᠂ ᠲᠣᠰ ᠺᠣᠮᠫᠠᠨᠢ | ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢᠲᠡᠢ ᠡᠵᠡᠩᠨᠡᠯᠲᠡ ᠶᠢ | ᠢᠮᠠᠭᠲᠠ ᠪᠠᠲᠤ ᠰᠠᠬᠢᠵᠤ᠂ ᠨᠡᠯᠢᠶᠡᠳ ᠲᠡᠭᠦᠯᠳᠡᠷᠵᠢᠭᠰᠡᠨ ᠺᠣᠮᠫᠠᠨᠢ ᠶᠢᠨ ᠬᠠᠮᠢᠶᠠᠷᠤᠯᠲᠠ ᠶᠢᠨ ᠰᠢᠰᠲ᠋ᠥᠮ ᠢ ᠪᠠᠶᠢᠭᠤᠯᠪᠠ᠃ | ᠺᠣᠮᠫᠠᠨᠢ ᠨᠢ ᠵᠣᠴᠢᠨ ᠡᠷᠦᠬᠡ ᠶᠢᠨ ᠦᠢᠯᠡᠳᠬᠦᠨ ᠤ ᠬᠡᠷᠡᠭᠴᠡᠭᠡ ᠶᠢ ᠤᠯᠠᠮ ᠨᠢᠭᠡ ᠠᠯᠬᠤᠮ ᠣᠶᠢᠯᠠᠭᠠᠵᠤ᠂ ᠵᠣᠴᠢᠨ | ᠡᠷᠦᠬᠡ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠵᠣᠴᠢᠨ ᠡᠷᠦᠬᠡ ᠯᠦᠭᠡ ᠶᠢᠨ ᠨᠡᠪᠲᠡᠷᠡᠯᠴᠡᠭᠡ ᠪᠠᠨ | ᠴᠢᠩᠭᠠᠳᠬᠠᠵᠤ᠂ ᠦᠨᠡᠨᠴᠢ ᠢᠲᠡᠭᠡᠮᠵᠢ ᠶᠢ ᠺᠣᠮᠫᠠᠨᠢ ᠶᠢᠨ ᠡᠵᠡᠩᠨᠡᠯᠲᠡ ᠶᠢᠨ ᠡᠯ᠎ᠡ ᠵᠠᠩᠭᠢᠯᠠᠭ᠎ᠠ ᠳᠤ ᠠᠭᠤᠰᠬᠠᠨ | ᠣᠷᠣᠭᠤᠯᠵᠤ᠂ ᠲᠠᠰᠤᠷᠠᠯᠲᠠ ᠦᠭᠡᠢ ᠦᠰᠦᠨ ᠪᠤᠵᠠᠭᠠᠶᠢᠷᠠᠭᠤᠯᠬᠤ ᠶᠢᠨ ᠲᠥᠯᠥᠭᠡ᠂ ᠦᠨᠡᠨᠴᠢ ᠢᠲᠡᠭᠡᠮᠵᠢ ᠪᠠᠷ | ᠢᠶᠠᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠦᠬᠡᠷ ᠬᠤᠨᠢᠨ ᠤ ᠢᠯᠭᠠᠳᠠᠰᠣ ᠪᠣᠯ ᠲᠣᠰ ᠺᠣᠮᠫᠠᠨᠢ ᠶᠢᠨ | ᠪᠦᠲᠦᠭᠡᠭᠳᠡᠬᠦᠨ ᠤ ᠰᠢᠭᠤᠳ ᠢᠷᠡᠯᠲᠡ ᠪᠠᠶᠢᠵᠤ᠂ ᠺᠣᠮᠫᠠᠨᠢ ᠨᠢ ᠮᠠᠯᠴᠢᠨ ᠡᠷᠦᠬᠡ ᠲᠠᠢ ᠢᠳᠡᠪᠬᠢᠲᠡᠢ ᠪᠠᠷ ᠬᠠᠮᠲᠤᠷᠠᠨ | ᠠᠵᠢᠯᠯᠠᠵᠤ᠂ ᠦᠨᠡᠨᠴᠢ ᠢᠲᠡᠭᠡᠮᠵᠢᠲᠡᠢ ᠦᠶᠯᠡ ᠠᠵᠢᠯᠯᠠᠭ᠎ᠠ ᠪᠠᠨ ᠠᠷᠠᠳ ᠲᠦᠮᠡᠨ ᠳᠤ ᠦᠢᠯᠡᠴᠢᠯᠡᠬᠦ ᠳᠤ | ᠨᠡᠪᠴᠢᠭᠦᠯᠦᠭᠰᠡᠨ ᠪᠠᠶᠢᠨ᠎ᠠ᠃ 8 ᠦᠬᠡᠷ ᠬᠤᠨᠢᠨ ᠤ ᠢᠯᠭᠠᠳᠠᠰᠣ ᠶᠢ ᠴᠡᠪᠡᠷᠯᠡᠬᠦ ᠦᠢᠯᠡᠴᠢᠯᠡᠭᠡᠨ ᠤ ᠠᠩᠭᠢ ᠶᠢ | ᠵᠣᠬᠢᠶᠠᠨ ᠪᠠᠶᠢᠭᠤᠯᠵᠤ᠂ ᠮᠠᠯᠵᠢᠬᠤ ᠣᠷᠣᠨ ᠳᠤ ᠦᠬᠡᠷ ᠬᠤᠨᠢᠨ ᠤ ᠪᠠᠭᠠᠰᠤ ᠴᠤᠭᠯᠠᠭᠤᠯᠬᠤ ᠶᠢᠨ ᠬᠠᠮᠲᠤ ᠠᠵᠤ | ᠠᠬᠤᠶᠢᠯᠠᠯ ᠤᠨ ᠵᠢᠭᠠᠨ ᠲᠣᠭᠲᠠᠭᠠᠭᠰᠠᠨ ᠭᠠᠵᠠᠷ ᠲᠤ ᠬᠦᠷᠭᠡᠵᠦ᠂ ᠨᠡᠶᠢᠲᠡ 40 ᠬᠥᠮᠥᠨ ᠤᠳᠠᠭ᠎ᠠ ᠶᠢᠨ ᠠᠵᠢᠯ | ᠣᠯᠭᠤᠯᠲᠠ ᠶᠢ ᠳᠠᠶᠢᠴᠢᠯᠠᠨ᠂ 60 ᠲᠦᠮᠡᠨ ᠲᠥᠭᠦᠷᠢᠭ ᠤᠨ ᠣᠷᠣᠯᠭ᠎ᠠ ᠡᠭᠦᠳᠪᠡ᠃ ᠮᠠᠯᠴᠢᠳ ᠤᠨ ᠭᠡᠷ ᠤᠨ | ᠦᠬᠡᠷ ᠬᠤᠨᠢᠨ ᠤ ᠶᠡᠭᠡ ᠬᠡᠮᠵᠢᠶᠡᠨ ᠤ ᠢᠯᠭᠠᠳᠠᠰᠣ ᠶᠢᠨ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠣᠷᠣᠨ ᠤ | ᠡᠷᠡᠭᠦᠯ ᠬᠠᠮᠠᠭᠠᠯᠠᠯ ᠤᠨ ᠪᠠᠶᠢᠳᠠᠯ ᠪᠠ ᠮᠠᠯᠴᠢᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠭᠰᠠᠨ ᠮᠥᠷᠲᠡᠭᠡᠨ | ᠬᠠᠶᠠᠭᠳᠠᠮᠠᠯ ᠢ ᠡᠷᠳᠡᠨᠢ ᠪᠣᠯᠭᠠᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠪᠡ᠃ ᠣᠳᠣᠬᠠᠨ ᠳᠤ᠂ ᠺᠣᠮᠫᠠᠨᠢ | ᠨᠢᠭᠡᠨᠲᠡ 40 ᠭᠠᠷᠤᠢ ᠭᠠᠴᠠᠭ᠎ᠠ ᠲᠠᠢ ᠦᠬᠡᠷ ᠬᠤᠨᠢᠨ ᠤ ᠢᠯᠭᠠᠳᠠᠰᠣ ᠶᠢ ᠣᠷᠳᠣ ᠬᠤᠭᠤᠴᠠᠭ᠎ᠠ ᠪᠠᠷ ᠬᠤᠳᠠᠯᠳᠤᠨ | ᠠᠪᠬᠤ ᠬᠡᠯᠡᠯᠴᠡᠭᠡᠷ ᠲᠣᠭᠲᠠᠵᠤ᠂ 2000 ᠮᠠᠯᠴᠢᠨ ᠡᠷᠦᠬᠡ ᠶᠢ ᠳᠠᠶᠢᠴᠢᠯᠠᠨ ᠭᠡᠷ ᠪᠦᠯᠢ ᠶᠢᠨ ᠣᠷᠣᠯᠭ᠎ᠠ ᠶᠢ ᠨᠢ | ᠨᠡᠮᠡᠭᠳᠡᠭᠦᠯᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦ | ᠨᠡᠮᠡᠷᠢᠯᠡᠵᠦ᠂ ᠡᠨᠡ ᠵᠢᠯ ᠰᠢᠯᠢ ᠶᠢᠨ ᠭᠤᠣᠯ ᠠᠶᠢᠮᠠᠭ ᠤᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠥᠭᠵᠢᠭᠦᠯᠬᠦ︾ ᠠᠵᠢᠯᠯᠠᠭ᠎ᠠ ᠶᠢᠨ ᠨᠡᠶᠢᠲᠡᠯᠢᠭ ᠠᠵᠤ ᠠᠬᠤᠶᠢᠯᠠᠯ︾ ᠤᠨ ᠴᠣᠯᠠ ᠶᠢ ᠭᠥᠷᠳᠡᠪᠡ᠃ ᠺᠣᠮᠫᠠᠨᠢ ᠪᠠᠰᠠ | ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ᠂ ᠦᠢᠯᠡᠳᠬᠦᠨ ᠢᠶᠠᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠵᠡᠷᠭᠡ | ᠭᠠᠵᠠᠷ ᠣᠷᠣᠨ ᠳᠤ ᠪᠣᠷᠣᠯᠠᠭᠤᠯᠵᠤ ᠪᠠᠶᠢᠪᠠ᠃ ᠬᠥᠭᠵᠢᠯᠲᠡ ᠶᠢᠨ ᠳᠤᠮᠳᠠ᠂ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ︽ᠦᠨᠡᠨᠴᠢ ᠢᠲᠡᠭᠡᠮᠵᠢᠲᠡᠢ︾ ᠡᠵᠡᠩᠨᠡᠯᠲᠡ ᠶᠢ ᠪᠠᠷᠢᠮᠲᠠᠯᠠᠬᠤ | ᠵᠠᠮ ᠢᠶᠠᠷ ᠯᠠᠪᠳᠠᠭᠤᠨ ᠢᠶᠠᠷ ᠤᠷᠤᠭᠰᠢᠯᠠᠨ᠎ᠠ᠃ | ᠣᠶᠢᠯᠠᠭᠠᠭᠰᠠᠨ ᠢᠶᠠᠷ᠂ ᠲᠣᠰ ᠠᠵᠤ ᠠᠬᠤᠶᠢᠯᠠᠯ ᠨᠢ ᠥᠪᠥᠷ ᠮᠣᠩᠭᠤᠯ ᠤᠨ ᠶᠠᠰᠤ ᠴᠢᠨᠠᠷ ᠤᠨ ᠦᠨᠡᠨᠴᠢ | ᠢᠲᠡᠭᠡᠮᠵᠢ ᠶᠢᠨ ᠵᠠᠭᠤᠨ ᠰᠢᠯᠢᠳᠡᠭ ᠬᠡᠪ ᠳᠠᠭᠤᠷᠢᠶᠠᠯᠲᠣ ᠠᠵᠤ ᠠᠬᠤᠶᠢᠯᠠᠯ ᠢᠶᠠᠷ ᠦᠨᠡᠯᠡᠭᠳᠡᠵᠦ᠂ ᠲᠠᠳᠠ ᠪᠣᠳᠠᠲᠤ | ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢ ᠶᠢᠨ ᠫᠠᠶᠢᠰᠠ ᠪᠠᠨ ᠲᠠᠰᠤᠷᠠᠯᠲᠠ ᠦᠭᠡᠢ ᠰᠢᠨᠡᠳᠭᠡᠵᠤ ᠪᠠᠶᠢᠨ᠎ᠠ᠃ |