ᠭᠡᠷ ᠲᠡᠭᠡᠨ ᠪᠠᠶᠢᠭᠰᠠᠨ ᠴᠤ ᠨᠠᠷᠠᠰᠢᠬᠤ ᠮᠠᠭᠠᠳ ᠦᠭᠡᠢ ᠭᠡᠨ᠎ᠡ ᠤᠤ︖ ᠡᠳᠡᠭᠡᠷ ᠪᠠᠶᠢᠳᠠᠯ ᠢ ᠰᠡᠷᠡᠮᠵᠢᠯᠡᠬᠦ ᠬᠡᠷᠡᠭᠲᠡᠢ︕  ᠡᠮᠴᠢ ᠶᠢᠨ ᠰᠠᠨᠠᠭᠤᠯᠭ᠎ᠠ
ᠨᠡᠶᠢᠲᠡᠯᠡᠭᠰᠡᠨ ᠴᠠᠭ᠄
2024/8/28
     ᠭᠤᠷᠪᠠᠨ ᠹᠦ᠋ ᠶᠢᠨ ᠬᠠᠯᠠᠭᠤᠨ ᠳᠤ᠂ ᠮᠠᠰᠢ ᠣᠯᠠᠨ ᠬᠥᠮᠥᠨ ᠬᠠᠯᠠᠭᠤᠨ ᠠᠴᠠ ᠵᠠᠶᠢᠯᠠᠵᠤ ᠭᠡᠷ ᠲᠡᠭᠡᠨ ᠰᠠᠭᠤᠵᠤ ᠪᠠᠶᠢᠳᠠᠭ᠃ ᠲᠤᠰᠬᠠᠢ ᠮᠡᠷᠭᠡᠵᠢᠯᠲᠡᠨ᠄ ᠭᠡᠷ  ᠲᠡᠭᠡᠨ ᠪᠠᠶᠢᠭᠰᠠᠨ ᠴᠤ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠢ᠃ ᠭᠡᠷ ᠳᠣᠲᠣᠷᠠᠬᠢ ᠬᠠᠯᠠᠭᠤᠨ ᠤ ᠬᠡᠮᠵᠢᠶ᠎ᠡ ᠨᠢ 32 °C᠎ ᠠᠴᠠ ᠳᠡᠭᠡᠭᠰᠢ᠂ ᠴᠢᠭᠢᠭ ᠤᠨ ᠬᠡᠮᠵᠢᠶ᠎ᠡ ᠨᠢ 60 %᠎ ᠠᠴᠠ ᠳᠡᠭᠡᠭᠰᠢ ᠪᠣᠯᠵᠤ᠂ ᠠᠭᠠᠷ ᠨᠡᠪᠲᠡᠷᠡᠬᠦ ᠦᠭᠡᠢ ᠦᠶ᠎ᠡ ᠳᠤ ᠠᠮᠠᠷᠬᠠᠨ ᠨᠠᠷᠠᠰᠢᠬᠤ ᠪᠠᠶᠢᠳᠠᠯ ᠭᠠᠷᠳᠠᠭ᠃ ᠨᠠᠷᠠᠰᠢᠭᠰᠠᠨ ᠢᠯᠡᠷᠡᠯ ᠰᠢᠨᠵᠢ ᠭᠠᠷᠪᠠᠯ ᠳᠠᠷᠤᠢ ᠲᠦᠷᠭᠡᠨ ᠨᠠᠷᠠᠰᠢᠬᠤ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠶᠡᠷᠦ ᠶᠢᠨ ᠬᠠᠯᠠᠭᠤᠨ ᠢ ᠪᠠᠭᠤᠷᠠᠭᠤᠯᠬᠤ ᠡᠮ ᠤᠤᠭᠤᠬᠤ ᠨᠢ ᠶᠠᠮᠠᠷᠴᠤ ᠦᠢᠯᠡᠳᠦᠯ ᠲᠤᠰᠠ ᠭᠠᠷᠬᠤ ᠦᠭᠡᠢ᠃ ᠬᠠᠷᠢᠨ ᠥᠨᠳᠥᠷ ᠬᠠᠯᠠᠭᠤᠨ ᠣᠷᠴᠢᠨ ᠲᠣᠭᠤᠷᠢᠨ ᠠᠴᠠ ᠨᠢ ᠠᠯᠢ ᠪᠤᠯᠬᠤ ᠪᠠᠷ ᠲᠦᠷᠭᠡᠨ ᠵᠠᠶᠢᠯᠠᠭᠤᠯᠵᠤ᠂ ᠤᠷᠢᠳ ᠢᠶᠠᠷ ᠡᠪᠡᠳᠴᠢᠲᠡᠨ ᠢ ᠰᠠᠯᠬᠢ ᠨᠡᠪᠲᠡᠷᠡᠬᠦ ᠭᠠᠵᠠᠷ ᠲᠤ ᠰᠢᠯᠵᠢᠭᠦᠯᠵᠦ᠂ ᠡᠪᠡᠳᠴᠢᠲᠡᠨ ᠳᠤ ᠲᠦᠷᠭᠡᠨ ᠤᠰᠤ ᠪᠠ ᠡᠷᠦᠳᠡᠰᠦ ᠨᠥᠬᠦᠪᠦᠷᠢᠯᠡᠬᠦ ᠬᠡᠷᠡᠭᠲᠡᠢ᠃ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ᠂ ᠬᠦᠢᠲᠡᠨ ᠤᠰᠤ ᠪᠠᠷ ᠪᠡᠶ᠎ᠡ ᠶᠢ ᠎ ᠨᠢ ᠵᠦᠯᠭᠦᠬᠦ ᠪᠤᠶᠤ ᠪᠦᠯᠢᠶᠡᠨ ᠤᠰᠤ ᠪᠠᠷ ᠪᠡᠶ᠎ᠡ ᠶᠢ ᠨᠢ ᠤᠬᠢᠶᠠᠬᠤ ᠬᠡᠷᠡᠭᠲᠡᠢ᠂ ᠬᠦᠨᠳᠦ ᠨᠠᠷᠠᠰᠢᠭᠰᠠᠨ ᠪᠠᠶᠢᠪᠠᠯ ᠮᠥᠰᠥᠨ ᠤᠭᠤᠲᠠ ᠶᠢ ᠡᠪᠡᠳᠴᠢᠲᠡᠨ ᠤ ᠮᠠᠩᠨᠠᠢ᠂ ᠬᠦᠵᠦᠭᠦᠨ ᠤ ᠬᠡᠰᠡᠭ᠂ ᠰᠤᠭᠤ ᠪᠠ ᠴᠠᠪᠢᠨ ᠳᠤᠨᠢ ᠲᠠᠯᠪᠢᠵᠤ᠂ ᠡᠪᠡᠳᠴᠢᠲᠡᠨ ᠤ ᠪᠡᠶ᠎ᠡ ᠶᠢᠨ ᠢᠯᠴᠢ ᠶᠢ ᠲᠠᠷᠬᠠᠭᠠ᠊ ᠬᠠ ᠪᠠᠭᠤᠷᠠᠭᠤᠯᠬᠤ ᠶᠢ ᠲᠦᠷᠭᠡᠳᠬᠡᠬᠦ ᠬᠡᠷᠡᠭᠲᠡᠢ ᠭᠡᠵᠦ ᠰᠠᠨᠠᠭᠤᠯᠪᠠ᠃              ᠪᠢᠲᠡᠭᠦᠦ ᠣᠷᠣᠨ ᠵᠠᠢ ᠳᠤ ᠣᠷᠳᠣ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠶᠢ ᠬᠡᠷᠡᠭᠯᠡᠬᠦ᠂ ᠴᠢᠨᠠᠭᠰᠢᠯᠠᠪᠠᠯ ᠵᠠᠷᠢᠮ ᠦᠶ᠎ᠡ ᠳᠤ ᠠᠭᠠᠷ ᠲᠣᠬᠢᠷᠠᠭᠤᠯᠤᠭᠴᠢ ᠶᠢᠨ ᠬᠠᠯᠠᠭᠤᠨ ᠤ ᠬᠡᠮᠵᠢᠶ᠎ᠡ ᠨᠡᠯᠢᠶᠡᠳ ᠳᠣᠣᠷ᠎ᠠ ᠪᠠᠶᠢᠬᠤ ᠳᠤ ᠬᠦᠷᠪᠡᠯ ᠪᠡᠶ᠎ᠡ ᠡᠪ ᠦᠭᠡᠶᠢᠷᠡᠬᠦ ᠪᠠᠶᠢᠳᠠᠯ ᠰᠢᠨᠵᠢ ᠨᠤᠭᠤᠳ ᠭᠠᠷᠴᠤ ᠮᠡᠳᠡᠨ᠎ᠡ᠂ ᠡᠭᠦᠨ ᠳᠤ ᠠᠮᠢᠰᠬᠤᠯ ᠤᠨ ᠰᠢᠰᠲ᠋ᠧᠮ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ᠂ ᠬᠠᠷᠰᠢᠮᠠᠲᠠᠭᠠᠢ ᠴᠢᠨᠠᠷᠲᠠᠢ ᠡᠪᠡᠳᠴᠢᠨ ᠵᠡᠷᠭᠡ ᠪᠤᠢ᠂ ᠡᠭᠦᠨ ᠢ ᠶᠡᠷᠦᠩᠬᠡᠶᠢᠯᠡᠭᠡᠳ ︽ᠠᠭᠠᠷ ᠲᠣᠬᠢᠷᠠᠭᠤᠯᠤᠭᠴᠢ ᠶᠢᠨ ᠡᠪᠡᠳᠴᠢᠨ︾ ᠭᠡᠳᠡᠭ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号