ᠥᠪᠥᠷ ᠮᠣᠩᠭᠤᠯ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ  ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠦᠷ᠎ᠡ ᠴᠢᠬᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/8/28
   ᠣᠳᠣᠬᠠᠨ ᠳᠤ᠂  ᠮᠠᠨ ᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠠᠭᠠᠵᠢᠮ ᠢᠶᠠᠷ ᠪᠣᠯᠪᠠᠰᠤᠷᠠᠵᠤ ᠲᠡᠭᠦᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠦᠷ᠎ᠡ ᠴᠢᠬᠢ ᠶᠢᠨ ᠪᠦᠲᠦᠴᠡ ᠶᠢᠨ ᠴᠢᠨᠠᠷᠲᠠᠢ ᠳᠤᠲᠠᠭᠳᠠᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠣᠶ ᠰᠢᠭᠤᠢ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠲᠤᠬᠠᠢ ᠮᠡᠳᠡᠭᠳᠡᠯ︾ ᠪᠠ ︽︿ᠤᠮᠠᠷᠠᠲᠤ ᠶᠢᠨ ᠭᠤᠷᠪᠠᠨ ᠣᠷᠣᠨ﹀ ᠢᠨᠵᠧᠨᠧᠷᠢᠩ ᠤᠨ ᠦᠷ᠎ᠡ ᠴᠢᠬᠢ ᠶᠢᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠨᠡᠨ ᠬᠦ ᠴᠢᠩᠭᠠᠳᠬᠠᠬᠤ ᠲᠤᠬᠠᠢ ᠮᠡᠳᠡᠭᠳᠡᠯ︾᠎ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠡᠨᠡ ᠡᠪᠦᠯ ᠢᠷᠡᠬᠦ ᠬᠠᠪᠤᠷ ᠤᠨ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠬᠠᠩᠭᠠᠬᠤ ᠬᠡᠮᠵᠢᠶ᠎ᠡ ᠨᠢ ᠭᠦᠢᠴᠡᠳ᠂ ᠴᠢᠨᠠᠷ ᠎ ᠨᠢ ᠰᠢᠯᠢᠳᠡᠭ᠂ ᠦᠨ᠎ᠡ ᠨᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ︽ᠮᠡᠳᠡᠭᠳᠡᠯ︾᠎ ᠳᠤ᠂ ᠡᠯ᠎ᠡ ᠭᠠᠵᠠᠷ ᠤᠨ ᠬᠢᠨ ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠲᠣᠰ ᠭᠠᠵᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠡᠷᠡᠭᠴᠡᠭᠡ ᠶᠢ ᠵᠠᠳᠠᠯᠵᠤ ᠰᠤᠳᠤᠯᠤᠨ ᠮᠠᠭᠠᠳᠯᠠᠵᠤ᠂ ᠲᠡᠭᠦᠬᠦ ᠬᠤᠷᠢᠶᠠᠬᠤ ᠨᠥᠭᠡᠴᠡᠯᠡᠬᠦ ᠳᠤ ᠦᠨᠡᠨ ᠬᠦ ᠬᠡᠷᠡᠭᠵᠢᠭᠦᠯᠬᠦᠶᠢᠴᠡ ᠲᠥᠯᠥᠪᠯᠡᠭᠡ ᠲᠣᠭᠲᠠᠭᠠᠬᠤ ᠬᠡᠷᠡᠭᠲᠡᠢ᠃ ᠨᠢᠭᠡᠨᠲᠡ ᠪᠠᠶᠢᠭᠤᠯᠤᠭᠰᠠᠨ ᠰᠠᠶᠢᠨ ᠦᠷ᠎ᠡ ᠶᠢᠨ ᠰᠠᠭᠤᠷᠢᠨ ᠭᠠᠵᠠᠷ᠂ ᠦᠷ᠎ᠡ ᠲᠡᠭᠦᠬᠦ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠠᠭᠤᠷᠢᠨ ᠭᠠᠵᠠᠷ ᠲᠤ ᠪᠣᠶᠢᠵᠢᠭᠤᠯᠤᠭᠰᠠᠨ ᠦᠷ᠎ᠡ ᠶᠢ ᠲᠡᠭᠦᠵᠦ ᠳᠡᠶᠢᠯᠬᠦ ᠶᠢ ᠨᠢ ᠪᠥᠬᠦᠨ ᠢ ᠲᠡᠭᠦᠬᠦ ᠬᠡᠷᠡᠭᠲᠡᠢ᠃ ᠣᠳᠣ ᠪᠠᠶᠢᠭ᠎ᠠ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠣᠶ ᠳᠠᠬᠢ ᠰᠢᠯᠢᠳᠡᠭ ᠦᠷ᠎ᠡ ᠶᠢᠨ ᠰᠤᠷᠪᠤᠯᠵᠢ᠂ ᠣᠨᠴᠠᠭᠠᠶᠢᠯᠠᠨ ᠪᠤᠷᠭᠠᠰᠤ᠂ ᠵᠠᠭ᠂ ᠲᠣᠷᠯᠤᠭ᠂ ᠲᠠᠷᠪᠠᠯᠵᠢ ᠵᠡᠷᠭᠡ ᠳᠤᠲᠠᠭᠳᠠᠵᠤ ᠪᠠᠶᠢᠭ᠎ᠠ ᠦᠷ᠎ᠡ ᠶᠢ ᠭᠦᠢᠴᠡᠳ ᠰᠠᠶᠢᠲᠤᠷ ᠠᠰᠢᠭᠯᠠᠵᠤ᠂ ᠡᠯᠪᠡᠭ ᠬᠤᠷᠢᠶᠠᠯᠲᠠ ᠲᠠᠢ ᠵᠢᠯ ᠲᠣᠬᠢᠶᠠᠯᠳᠤᠪᠠᠯ ᠢᠯᠡᠭᠦᠦ ᠲᠡᠭᠦᠵᠦ ᠢᠯᠡᠭᠦᠦ ᠨᠥᠭᠡᠴᠡᠯᠡᠬᠦ ᠪᠠᠷ ᠴᠢᠷᠮᠠᠶᠢᠵᠤ᠂ ᠦᠢᠯᠡᠳᠪᠦᠷᠢᠯᠡᠯ ᠤᠨ ᠬᠡᠷᠡᠭᠴᠡᠭᠡ ᠪᠠ ᠦᠯᠡᠭᠦᠦ ᠳᠤᠲᠠᠭᠤ ᠶᠢ ᠲᠣᠬᠢᠷᠠᠭᠤᠯᠬᠤ ᠶᠢᠨ ᠲᠥᠯᠥᠭᠡ ᠰᠠᠶᠢᠲᠤᠷ ᠨᠥᠭᠡᠴᠡᠯᠡᠬᠦ ᠬᠡᠷᠡᠭᠲᠡᠢ ᠭᠡᠵᠦ ᠱᠠᠭᠠᠷᠳᠠᠪᠠ᠃    ᠡᠭᠦᠨ ᠤ ᠬᠠᠮᠲᠤ᠂ ᠡᠯ᠎ᠡ ᠭᠠᠵᠠᠷ ᠤᠨ ᠬᠢᠨ ᠦᠷ᠎ᠡ ᠴᠢᠬᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠦᠷ᠎ᠡ ᠬᠡᠷᠡᠭᠯᠡᠬᠦ ᠴᠢᠬᠢ ᠬᠡᠷᠡᠭᠯᠡᠬᠦ ᠤᠷᠬᠢᠯ ᠬᠤᠭᠤᠴᠠᠭᠠᠨ ᠳᠤ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠪᠤᠰᠤᠳ ᠴᠠᠭ ᠲᠤ ᠤᠯᠠᠷᠢᠯ ᠤᠨ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠪᠠ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠦᠷ᠎ᠡ ᠴᠢᠬᠢ ᠶᠢᠨ ᠶᠠᠰᠤ ᠴᠢᠨᠠᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ  ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号