ᠪᠣᠳᠣᠯ ᠤᠨ ᠬᠦᠴᠦ
ᠨᠡᠶᠢᠲᠡᠯᠡᠭᠰᠡᠨ ᠴᠠᠭ᠄
2024/8/28
    ᠪᠣᠳᠣᠯ ᠭᠡᠳᠡᠭ ᠪᠣᠯ ᠰᠡᠳᠬᠢᠯ ᠠᠴᠠ ᠡᠬᠦᠰᠬᠦ ᠰᠡᠳᠬᠢᠬᠦᠢ ᠶᠢᠨ ᠬᠦᠳᠡᠯᠭᠡᠭᠡᠨ᠂ ᠪᠣᠳᠣᠯ ᠳᠤ ᠰᠠᠶᠢᠨ ᠪᠣᠳᠣᠯ᠂ ᠮᠠᠭᠤ ᠪᠣᠳᠣᠯ ᠭᠡᠵᠦ ᠬᠤᠶᠠᠷ ᠵᠦᠢᠯ ᠪᠠᠶᠢᠳᠠᠭ᠃ ᠰᠠᠶᠢᠨ ᠪᠣᠳᠣᠯ ᠤᠬᠠᠭᠠᠨ ᠢ ᠰᠠᠷᠠᠭᠤᠯᠵᠢᠭᠤᠯᠵᠤ᠂ ᠮᠠᠭᠤ ᠪᠣᠳᠣᠯ ᠤᠬᠠᠭᠠᠨ ᠢ ᠲᠦᠭᠡᠷᠢᠬᠦᠯᠳᠡᠭ᠃ ᠬᠦᠮᠦᠰ ᠤᠨ ᠠᠯᠢᠪᠠ ᠠᠵᠢᠯᠯᠠᠭ᠎ᠠ ᠪᠣᠳᠣᠯ ᠢ ᠲᠠᠭᠠᠨ᠎ᠠ᠃ ᠲᠡᠭᠡᠪᠡᠯ ᠲᠠᠨ ᠤ ᠪᠣᠳᠣᠯ  ᠳᠤ ᠶᠠᠭᠤ ᠶᠠᠭᠤ ᠪᠣᠢ︖               ᠪᠢᠯᠢᠭ ᠤᠬᠠᠭᠠᠨ ᠤ ᠦᠢᠯᠡᠳᠦᠯ ᠪᠣᠯ ᠪᠢᠳᠡᠨ ᠤ ᠪᠤᠳᠤᠭᠰᠠᠨ ᠵᠦᠢᠯ ᠢ ᠪᠡᠶᠡᠯᠡᠬᠦᠯᠬᠦ ᠬᠦᠴᠦᠨ ᠲᠠᠢ᠂ ᠪᠣᠳᠣᠯ  ᠤᠨ ᠰᠠᠶᠢᠨ ᠮᠠᠭᠤ ᠶᠢ ᠢᠯᠭᠠᠯ ᠦᠭᠡᠢ ᠵᠦᠪᠬᠡᠨ ᠲᠠᠨ ᠤ ᠪᠣᠳᠣᠯ ᠢ ᠪᠡᠶᠡᠯᠡᠬᠦᠯᠵᠦ ᠦᠭᠬᠦᠨ᠎ᠡ᠃ ᠲᠡᠶᠢᠨ ᠬᠦ ᠰᠠᠶᠢᠨ ᠵᠦᠢᠯ᠂ ᠵᠦᠪ ᠵᠦᠢᠯ᠂ ᠢᠳᠡᠪᠬᠢᠲᠡᠢ ᠵᠦᠢᠯ᠂ ᠠᠰᠢᠭᠲᠠᠢ ᠵᠦᠢᠯ᠂ ᠡᠶᠡᠷᠬᠦ ᠵᠦᠢᠯ ᠢ ᠪᠣᠳᠣᠶ᠎ᠠ︕                 ᠤᠴᠢᠷ ᠨᠢ ᠲᠤᠲᠤᠭᠠᠳᠤ ᠰᠡᠳᠬᠢᠯ ᠢᠶᠠᠨ ᠠᠷᠢᠭᠤᠰᠬᠠᠯ ᠪᠣᠯ ᠵᠦᠪ ᠦᠭᠡ ᠶᠠᠷᠢᠶ᠎ᠠ ᠠᠴᠠ ᠡᠬᠢᠯᠡᠳᠡᠭ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号