ᠨᠢᠭᠤᠷ ᠴᠢᠷᠠᠢ ᠭᠤᠶᠣᠯᠠᠬᠤ ᠢᠳᠡᠭᠡᠨ
ᠨᠡᠶᠢᠲᠡᠯᠡᠭᠰᠡᠨ ᠴᠠᠭ᠄
2024/8/28
    ᠠᠮᠲᠠᠲᠤ ᠲᠥᠮᠥᠰᠥ᠄ ᠠᠷᠠᠰᠤᠨ ᠤ ᠳᠣᠲᠣᠷᠠᠬᠢ ᠥᠭᠡᠬᠦ ᠶᠢ ᠪᠠᠭᠠᠰᠬᠠᠵᠤ᠂ ᠬᠡᠲᠦ ᠲᠠᠷᠭᠤᠯᠠᠬᠤ ᠶᠢ ᠰᠡᠷᠭᠡᠶᠢᠯᠡᠵᠦ ᠴᠢᠳᠠᠨ᠎ᠠ᠃ ᠲᠥᠪᠡᠳ ᠬᠠᠰᠢ᠄ ᠠᠷᠠᠰᠤᠨ ᠤ ᠥᠲᠡᠯᠬᠦ ᠶᠢ ᠤᠳᠠᠭᠠᠰᠢᠷᠠᠭᠤᠯᠤᠨ᠂ ᠠᠷᠠᠰᠤᠨ ᠤ ᠰᠢᠷᠬᠡᠭᠯᠢᠭ ᠢ ᠨᠢᠭᠲᠠ ᠭᠤᠶᠤ ᠪᠣᠯᠭᠠᠬᠤ ᠦᠢᠯᠡᠳᠦᠯ ᠲᠠᠢ᠃ ᠦᠷᠭᠡᠰᠦᠲᠦ ᠬᠡᠮᠬᠡ᠄ ᠠᠷᠠᠰᠤᠨ ᠳᠤ ᠥᠩᠭᠡ ᠣᠷᠣᠭᠤᠯᠵᠤ᠂ ᠢᠯᠠᠩᠭᠤᠶ᠎ᠠ ᠠᠷᠠᠰᠤ ᠶᠢ ᠴᠠᠶᠢᠷᠠᠭᠤᠯᠬᠤ ᠮᠥᠷᠲᠡᠭᠡᠨ ᠮᠠᠷᠢᠶ᠎ᠠ ᠰᠢᠭᠤᠷᠠᠭᠤᠯᠬᠤ ᠦᠢᠯᠡᠳᠦᠯ ᠲᠠᠢ᠃ ᠴᠠᠭᠠᠨ ᠬᠡᠮᠬᠡ ︵ᠳ᠋ᠦᠩᠭᠤᠸᠠ︶᠄ ᠠᠷᠠᠰᠤᠨ ᠤ ᠳᠣᠲᠣᠷᠠᠬᠢ ᠥᠭᠡᠬᠦ ᠶᠢ ᠵᠠᠳᠠᠷᠠᠭᠤᠯᠵᠤ᠂ ᠮᠠᠷᠢᠶ᠎ᠠ ᠰᠢᠭᠤᠷᠠᠭᠤᠯᠬᠤ ᠳᠤ ᠲᠤᠰᠠᠲᠠᠢ᠃ ᠳᠡᠯᠳᠡᠦ᠄ ᠵᠢᠰᠦ ᠴᠢᠷᠠᠢ ᠶᠢ ᠥᠩᠭᠡ ᠭᠡᠷᠡᠯ ᠣᠷᠣᠭᠤᠯᠤᠨ᠂ ᠬᠥᠮᠥᠨ ᠢ ᠰᠦᠷ ᠰᠦᠯᠳᠡ ᠲᠠᠢ ᠪᠣᠯᠭᠠᠳᠠᠭ᠃ ᠴᠠᠭᠠᠨ ᠳᠡᠯᠳᠡᠦ᠄ ᠠᠷᠠᠰᠤᠨ ᠤ ᠤᠶᠠᠨ ᠬᠠᠷᠢᠮᠠᠬᠠᠢ ᠴᠢᠨᠠᠷ ᠢ ᠨᠡᠮᠡᠭᠳᠡᠭᠦᠯᠵᠦ᠂ ᠠᠲᠤᠷᠢᠶ᠎ᠠ ᠭᠠᠷᠬᠤ ᠠᠴᠠ ᠰᠡᠷᠭᠡᠶᠢᠯᠡᠬᠦ ᠦᠢᠯᠡᠳᠦᠯ ᠲᠠᠢ᠃ ᠨᠣᠭᠤᠭᠠᠨ ᠴᠠᠢ᠄ ᠠᠷᠠᠰᠤᠨ ᠤ ᠡᠪᠡᠳᠴᠢᠨ ᠢ ᠰᠡᠷᠭᠡᠶᠢᠯᠡᠬᠦ ᠴᠢᠳᠠᠯ ᠢ ᠳᠡᠭᠡᠭᠰᠢᠯᠡᠬᠦᠯᠵᠦ᠂ ᠤᠰᠤᠯᠢᠭ ᠨᠢᠭᠲᠠ ᠪᠣᠯᠭᠠᠬᠤ ᠦᠢᠯᠡᠳᠦᠯ ᠲᠠᠢ᠃
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号