ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠥᠬᠦᠷ ᠪᠡᠯᠡᠳᠬᠡᠮᠵᠢ ᠶᠢᠨ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ ᠪᠤᠢ᠃ ᠨᠢᠭᠡ ᠳᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ︽ᠨᠠᠰᠤᠲᠠᠶᠢᠴᠤᠳ ᠪᠠ ᠨᠢᠯᠬᠠᠰ︾᠂ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠠᠳ ᠦᠭᠡᠶᠢᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠪᠠ ᠥᠭᠡᠷᠡᠴᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ 15 ᠮᠢᠨᠦ᠋ᠲ ᠤᠨ | ᠵᠠᠶᠢᠲᠠᠢ ᠠᠮᠢᠳᠤᠷᠠᠯ ᠤᠨ ᠲᠣᠭᠤᠷᠢᠭ ᠢ ᠪᠣᠶ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 2.97 | ᠲᠦᠮᠡᠨ ᠺᠦᠸᠠᠳ᠋ ᠮᠧᠲᠷ ᠤᠨ ᠰᠣᠶᠣᠯ ᠰᠡᠯᠡᠭᠦᠴᠡᠯ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠰᠢᠨ᠎ᠡ ᠪᠠᠷ | ᠨᠡᠮᠡᠭᠳᠡᠪᠡ᠃ ᠬᠤᠶᠠᠷ ᠲᠤ ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠦᠴᠦᠨ ᠤ ᠪᠠᠭᠲᠠᠭᠠᠮᠵᠢ ᠶᠢ | ᠨᠡᠮᠡᠭᠳᠡᠭᠦᠯᠦᠨ ᠥᠭᠡᠷᠡᠴᠢᠯᠡᠨ ᠵᠠᠰᠠᠬᠤ ᠶᠢ ᠵᠡᠷᠭᠡ ᠪᠠᠷ ᠡᠬᠢᠯᠡᠭᠦᠯᠵᠦ᠂ ᠰᠠᠭᠤᠭᠠᠯᠢ ᠲᠣᠭᠤᠷᠢᠭ ᠤᠨ ᠣᠲᠣ ᠶᠢᠨ ᠪᠠᠶᠢᠭ᠎ᠠ | ᠲᠡᠷᠭᠡ ᠵᠣᠭᠰᠤᠭᠠᠬᠤ ᠪᠠᠶᠢᠷᠢ ᠶᠢ ᠴᠠᠬᠢᠯᠭᠠᠨᠵᠢᠭᠤᠯᠤᠨ ᠥᠭᠡᠷᠡᠴᠢᠯᠡᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠡᠷᠭᠡ ᠵᠣᠭᠰᠤᠭᠠᠬᠤ ᠪᠠᠶᠢᠷᠢ ᠶᠢ ᠨᠡᠮᠡᠵᠦ ᠲᠣᠬᠢᠷᠠᠭᠤᠯᠬᠤ ᠶᠢᠨ | ᠬᠠᠮᠲᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠬᠤ ᠪᠤᠶᠤ ᠤᠭᠰᠠᠷᠠᠬᠤ | ᠨᠥᠬᠦᠴᠡᠯ ᠢ ᠪᠡᠯᠡᠨ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡ ᠵᠢᠴᠢ ᠮᠠᠰᠢᠨᠲᠤ ᠪᠤᠰᠤ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠨᠡᠶᠢᠲᠡ 714 | ᠨᠡᠮᠡᠵᠦ ᠤᠭᠰᠠᠷᠠᠭᠰᠠᠨ ᠪᠠᠶᠢᠨ᠎ᠠ᠃ ᠭᠤᠷᠪᠠ ᠳᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ | ᠵᠠᠰᠠᠬᠤ ᠶᠢ ᠵᠡᠷᠭᠡ ᠪᠠᠷ ᠬᠡᠷᠡᠭᠵᠢᠭᠦᠯᠦᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ | ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ 2024 ᠣᠨ ᠳᠤ | ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠲᠠᠯᠠᠪᠠᠶ ᠶᠢ 200 ᠲᠦᠮᠡᠨ ᠺᠦᠸᠠᠳ᠋ ᠮᠧᠲᠷ ᠠᠴᠠ | ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 104.4 ᠲᠦᠮᠡᠨ ᠺᠦᠸᠠᠳ᠋ ᠮᠧᠲᠷ ᠤᠨ | ᠪᠠᠷᠢᠯᠭ᠎ᠠ ᠶᠢᠨ ᠠᠵᠢᠯ ᠢ ᠳᠠᠭᠤᠰᠬᠠᠪᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ︶ | |