ᠪᠠᠶᠠᠨᠬᠤᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠠᠮᠳᠤᠷᠠᠨ ᠢᠳᠡᠭᠡᠨ ᠤ ᠠᠮᠤᠷ ᠲᠦᠪᠰᠢᠨ ᠬᠢᠭᠡᠳ ᠰᠢᠲᠠᠮᠠᠬᠠᠢ ᠬᠡᠢ ᠶᠢᠨ ᠠᠮᠤᠷ ᠲᠦᠪᠰᠢᠨ ᠤ  ᠪᠠᠶᠢᠴᠠᠭᠠᠯᠳᠠ ᠦᠷᠨᠢᠬᠦᠯᠪᠡ
ᠨᠡᠶᠢᠲᠡᠯᠡᠭᠰᠡᠨ ᠴᠠᠭ᠄
2024/8/29
     ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 8 ᠰᠠᠷ᠎ᠠ ᠶᠢᠨ 22 ᠤᠨ ᠡᠳᠦᠷ᠂ ᠪᠠᠶᠠᠨᠬᠤᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠭᠠᠲᠤᠷ ᠳᠦᠷᠦᠭᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠤᠯᠪᠤᠭᠠᠯᠠᠨ᠂ ᠢᠳᠡᠭᠡᠨ ᠤ ᠠᠮᠤᠷ ᠲᠦᠪᠰᠢᠨ ᠪᠣᠯᠣᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠠᠯ᠎ᠠ ᠪᠠᠷ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ᠃
    ᠲᠣᠰ ᠤᠳᠠᠭᠠᠨ ᠤ ᠪᠠᠶᠢᠴᠠᠭᠠᠯᠲᠠ ᠳᠤ ᠪᠠᠯᠭᠠᠰᠤᠨ ᠤ ᠪᠦᠬᠦ ᠬᠤᠭᠤᠯᠠᠨ ᠭᠡᠷ ᠲᠤ ︽ᠰᠤᠭᠤᠴᠢᠨ ᠪᠠᠶᠢᠴᠠᠭᠠᠬᠤ ︾ ᠠᠷᠭ᠎ᠠ ᠮᠠᠶ᠋ᠢᠭ ᠢ ᠠᠪᠴᠤ᠂ ᠪᠠᠶᠢᠴᠠᠭᠠᠬᠤ ᠠᠵᠢᠯ ᠤᠨ ᠥᠷᠭᠡᠨ ᠳᠡᠯᠭᠡᠷᠡᠩᠭᠦᠢ ᠴᠢᠨᠠᠷ ᠪᠠ ᠲᠥᠪ ᠭᠤᠥᠯᠴᠢ ᠴᠢᠨᠠᠷ ᠢ ᠦᠨᠡᠨᠬᠦ ᠪᠠᠲᠤᠯᠠᠭᠰᠠᠨ ᠪᠠᠶᠢᠨ᠎ᠠ᠃      ᠪᠠᠶᠢᠴᠠᠭᠠᠬᠤ ᠳᠤᠭᠤᠶᠢᠯᠠᠩ ᠤᠨ ᠬᠢᠨ ᠨᠠᠷᠢᠨ ᠨᠢᠮᠪᠠᠢ ᠠᠵᠢᠯᠯᠠᠵᠤ᠂ ᠡᠵᠡᠩᠨᠡᠯᠲᠡ ᠶᠢᠨ ᠦᠨᠡᠮᠯᠡᠯ ᠠᠴᠠ ᠲᠣᠭᠤᠭᠠᠨ ᠭᠡᠷ ᠤᠨ ᠥᠨᠴᠥᠭ ᠪᠤᠯᠤᠩ ᠬᠦᠷᠲᠡᠯ᠎ᠡ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠪᠠ᠃ ᠬᠤᠷᠣᠬᠠᠢ ᠶᠢ ᠰᠡᠷᠭᠡᠶᠢᠯᠡᠬᠦ ᠬᠤᠯᠤᠭᠠᠨ᠎ᠠ ᠶᠢ ᠰᠡᠷᠭᠡᠶᠢᠯᠡᠬᠦ ᠲᠥᠬᠦᠭᠡᠷᠦᠮᠵᠢ ᠶᠢ ᠪᠠᠶᠢᠴᠠᠭᠠᠭᠰᠠᠨ ᠢᠶᠠᠷ ᠪᠠᠷᠠᠬᠤ ᠦᠭᠡᠢ ᠪᠠᠰᠠ ᠲᠣᠭᠤᠭᠠᠨ ᠭᠡᠷ ᠲᠤ ᠭᠦᠨᠵᠡᠭᠡᠶᠢᠷᠡᠨ᠂ ᠢᠳᠡᠭᠡᠨ ᠤ ᠮᠠᠲ᠋ᠧᠷᠢᠶᠠᠯ ᠢ ᠲᠥᠷᠥᠯ ᠬᠤᠪᠢᠶᠠᠬᠤ᠂ ᠬᠠᠳᠠᠭᠠᠯᠠᠬᠤ ᠵᠢᠴᠢ ᠪᠣᠯᠪᠠᠰᠤᠷᠠᠭᠤᠯᠬᠤ ᠶᠠᠪᠤᠴᠠ ᠶᠢ ᠪᠠᠶᠢᠴᠠᠭᠠᠨ ᠦᠵᠡᠵᠦ᠂ ᠲᠦᠭᠦᠬᠡᠢ ᠪᠠ ᠪᠤᠯᠭᠤᠭᠰᠠᠨ ᠢᠳᠡᠭᠡᠨ ᠢ ᠰᠠᠯᠭᠠᠬᠤ ᠶᠢ ᠦᠨᠡᠨ ᠬᠦ ᠪᠠᠲᠤᠯᠠᠵᠤ᠂ ᠰᠣᠯᠪᠢᠴᠠᠨ ᠪᠣᠬᠢᠷᠲᠤᠬᠤ ᠶᠢ ᠰᠡᠷᠭᠡᠶᠢᠯᠡᠬᠦ ᠬᠡᠷᠡᠭᠳᠡᠢ ᠭᠡᠪᠡ᠃ ᠡᠭᠦᠨ ᠤ ᠵᠡᠷᠭᠡ ᠳᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠶᠢᠴᠠᠭᠠᠵᠤ᠂ ᠬᠤᠭᠤᠯᠠᠨ ᠲᠢᠩᠬᠢᠮ ᠤᠨ ᠡᠳᠦᠷ ᠲᠤᠲᠤᠮ ᠤᠨ ᠪᠠᠶᠢᠴᠠᠭᠠᠯᠲᠠ ᠪᠠᠨ ᠴᠢᠩᠭᠠᠳᠬᠠᠬᠤ ᠶᠢ ᠱᠠᠭᠠᠷᠳᠠᠪᠠ᠃      ᠲᠣᠰ ᠤᠳᠠᠭᠠᠨ ᠤ ᠪᠠᠶᠢᠴᠠᠭᠠᠯᠲᠠ ᠨᠢ ᠢᠳᠡᠭᠡᠨ ᠤᠮᠳᠠᠭᠠᠨ ᠤ ᠨᠢᠭᠡᠴᠡ ᠶᠢ ᠨᠢᠭᠡ ᠤᠳᠠᠭ᠎ᠠ ᠪᠥᠬᠦ ᠲᠠᠯ᠎ᠠ ᠪᠠᠷ ᠬᠢᠨᠠᠵᠤ ᠦᠵᠡᠭᠰᠡᠨ ᠢᠶᠠᠷ ᠪᠠᠷᠠᠬᠤ ᠦᠭᠡᠢ᠂ ᠨᠠᠩ ᠴᠤ ᠪᠠᠶᠠᠨᠬᠤᠸᠠ ᠪᠠᠯᠭᠠᠰᠤᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠦᠴᠦᠲᠡᠢ ᠠᠬᠢᠭᠤᠯᠤᠭᠰᠠᠨ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠤᠭᠤᠷᠣᠨᠳᠣᠬᠢ ᠨᠢᠭᠲᠠ ᠬᠠᠮᠲᠤᠷᠠᠯᠴᠠᠭ᠎ᠠ ᠵᠢᠴᠢ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠬᠠᠢ ᠭᠦᠨᠵᠡᠭᠡᠢ ᠠᠩᠬᠠᠷᠤᠯ ᠲᠠᠯᠪᠢᠵᠤ ᠪᠠᠶᠢᠬᠤ ᠶᠢ ᠢᠯᠡᠷᠡᠭᠦᠯᠪᠡ᠃
     ᠲᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠨᠢ ᠢᠳᠡᠭᠡᠨ ᠤ ᠠᠮᠤᠷ ᠲᠦᠪᠰᠢᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠤᠯᠪᠤᠭᠠᠯᠠᠨ ᠬᠥᠳᠡᠯᠦᠯᠴᠡᠬᠦ ᠶᠢ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠪᠣᠯᠪᠠᠰᠤᠷᠠᠭᠤᠯᠤᠯ ᠬᠥᠮᠦᠵᠢᠯ ᠢ ᠴᠢᠩᠭᠠᠳᠬᠠᠵᠤ᠂ ᠢᠳᠡᠭᠡᠨ ᠤᠮᠳᠠᠭᠠᠨ ᠤ ᠨᠢᠭᠡᠴᠡ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠠᠵᠢᠯᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠬᠤ ᠶᠢ ᠬᠡᠷᠡᠭᠵᠢᠭᠦᠯᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠦ ᠂ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠶᠢ ᠠᠬᠢᠭᠤᠯᠵᠤ᠂ ᠪᠠᠶᠠᠨᠬᠤᠸᠠ ᠪᠠᠯᠭᠠᠰᠤᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠬᠠᠮᠲᠤᠪᠠᠷ ᠠᠬᠢᠭᠤᠯᠵᠤ᠂ ᠰᠠᠭᠤᠭᠠᠯᠢ ᠠᠷᠠᠳ ᠲᠤ ᠨᠠᠩ ᠠᠮᠤᠷ ᠲᠦᠪᠰᠢᠨ᠂ ᠡᠷᠡᠭᠦᠯ ᠰᠠᠷᠠᠭᠤᠯ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号